ᠯᠦᠸᠧ ᡁᠢ ᠬᠤ᠋ ᠮᠠᠨ ᠤ ᠬᠤᠳᠠ ᠳᠤ ᠢᠷᠡᠵᠤ ᠬᠤᠶᠠᠳᠤᠭᠠᠷ ᠪᠦᠯᠦᠭ ᠤᠨ ᠭᠤᠤᠯ ᠰᠡᠳᠦᠪᠳᠤ ᠭᠦᠮᠦᠵᠢᠯ ᠢ ᠦᠷᠨᠢᠭᠦᠯᠦᠭᠰᠡᠨ ᠪᠠᠶᠢᠳᠡᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/10/26
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠮᠠᠨ ᠤ ᠬᠤᠲᠠ ᠶᠢᠨ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠲᠣᠭᠤᠷᠢᠭ ᠲᠤ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠲᠣᠭᠤᠷᠢᠨ ᠱᠠᠯᠠᠪᠳᠠᠭᠤᠯᠤᠨ ᠵᠢᠯᠣᠭᠤᠳᠬᠤ ᠭᠤᠷᠪᠠᠳᠤᠭᠠᠷ ᠳᠤᠭᠤᠶᠢᠯᠠᠩ ᠤᠨ ᠳᠠᠷᠤᠭ᠎ᠠ ᠯᠢ ᠭᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠸᠠᠩ ᠷᠦᠢ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ᠂ ᠨᠠᠷᠢᠨᠭᠤᠣᠯ ᠨᠡᠶᠢᠭᠡᠮ ᠲᠣᠭᠤᠷᠢᠭ᠂ ᠬᠢᠶ᠎ᠠ ᠪᠠᠭᠰᠢ ᠲᠣᠭᠤᠷᠢᠭ ᠤᠨ ᠴᠢᠩ ᠴᠦᠨ ᠱᠠᠨ ᠵᠡᠭᠡᠯᠢ ᠭᠤᠳᠤᠮᠵᠢ ᠶᠢᠨ ᠶᠤᠸᠠᠨ ᠳ᠋ᠢᠩ ᠨᠡᠶᠢᠭᠡᠮ ᠲᠣᠭᠤᠷᠢᠭ᠂ ᠨᠠᠮ ᠤᠨ ᠭᠡᠰᠢᠭᠦᠨ ᠤ ᠤᠯᠤᠰ ᠲᠥᠷᠥ ᠶᠢᠨ ᠠᠮᠢᠳᠤᠷᠠᠯ ᠤᠨ ᠣᠷᠳᠣᠨ᠂ ᠺᠠᠨᠭ᠌ ᠰᠢᠨ ᠵᠡᠭᠡᠯᠢ ᠭᠤᠳᠤᠮᠵᠢ ᠶᠢᠨ ᠶᠤᠸᠠᠢ ᠾᠧ ᠨᠡᠶᠢᠭᠡᠮ ᠲᠣᠭᠤᠷᠢᠭ ᠵᠡᠷᠭᠡ ᠭᠠᠵᠠᠷ ᠤᠳ ᠲᠤ ᠪᠤᠳᠠᠳᠦ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠦᠨᠳᠦᠰᠦᠨ ᠱᠠᠲᠤᠨ ᠤ ᠭᠤᠣᠯ ᠰᠡᠳᠦᠪᠲᠦ ᠬᠥᠮᠦᠵᠢᠯ ᠪᠣᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠨᠢᠮᠪᠠᠢ ᠣᠶᠢᠯᠠᠭᠠᠬᠰᠡᠨ ᠤ ᠬᠠᠮᠲᠤ ᠡᠵᠡᠨ ᠬᠤᠷᠤᠭ᠎ᠠ ᠬᠤᠰᠢᠭᠤ᠂ ᠬᠢᠶ᠎ᠠ ᠪᠠᠭᠰᠢ ᠲᠣᠭᠤᠷᠢᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠯᠦᠸᠧ ᡁᠢ ᠬᠤ᠋ ᠬᠤᠶᠠᠷ ᠭᠠᠵᠠᠷ ᠤᠨ ᠭᠤᠣᠯ ᠰᠡᠳᠦᠪᠲᠦ ᠬᠥᠮᠦᠵᠢᠯ ᠤᠨ ᠣᠯᠤᠭᠰᠠᠨ ᠱᠠᠳᠤᠴᠢ ᠴᠢᠨᠠᠷᠲᠠᠢ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃      ᠯᠦᠸᠧ ᡁᠢ ᠬᠤ᠋᠂ ᠶᠡᠷᠦᠩᠬᠡᠶ ᠱᠦᠵᠢ ᠰᠢ ᠶᠢᠨ ᠫᠢᠡᠭ ᠤᠨ ︽ᠲᠠᠪᠤ ᠶᠢ ᠨᠡᠩ ᠴᠢᠬᠤᠯᠠᠴᠢᠯᠠᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠨᠣᠯ ᠢ ᠰᠤᠷᠤᠯᠴᠠᠬᠤ᠂ ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠬᠠᠯᠠᠨ ᠰᠠᠶᠢᠵᠢᠷᠠᠭᠤᠯᠬᠤ ᠵᠡᠷᠭᠡ ᠡᠯ᠎ᠡ ᠲᠦᠷᠦᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠴᠢᠩᠭ᠎ᠠ ᠰᠤᠷᠲᠠᠯ ᠪᠠ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠭᠤᠤᠯ ᠰᠡᠳᠦᠪᠲᠦ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠭᠡᠷᠡᠭᠳᠡᠢ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠤᠨ᠂ ᠭᠤᠣᠯ ᠰᠡᠳᠦᠪᠲᠦ ᠬᠥᠮᠦᠵᠢᠯ ᠤᠨ ᠤᠷᠮᠠᠰᠢᠭᠤᠯᠵᠤ ᠭᠠᠷᠭᠠᠭᠰᠠᠨ ᠢᠲᠡᠭᠡᠯ ᠵᠤᠷᠢᠭ ᠬᠦᠴᠦᠨ ᠴᠢᠳᠠᠯ ᠢ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠭᠤᠤ  ᠸᠧᠨ ᠾᠧ᠂ ᠵᠢᠷᠭᠠᠯᠳᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   
ᠢᠷᠡᠯᠲᠡ᠄ ᠤᠷᠳᠤᠰ ᠤᠨ ᠡᠳᠦᠷ ᠤᠨ ᠰᠤᠨᠢᠨ