ᠲᠥᠷᠥ ᠶᠢᠨ ᠶᠠᠪᠤᠳᠠᠯ ᠤᠨ ᠬᠤᠷᠢᠶ᠎ᠠ 11 ᠰᠠᠷ᠎ᠠ ᠳᠤ ᠥᠪᠥᠷ ᠮᠣᠩᠭᠤᠯ ᠳᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠬᠢᠬᠦ ᠪᠠᠷ ᠪᠠᠶᠢᠨ᠎ᠠ᠂ ᠲᠣᠰ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠠᠰᠠᠭᠤᠳᠠᠯ ᠤᠨ ᠰᠦᠪᠡᠭᠴᠢ ᠴᠤᠬᠯᠠᠭᠤᠯᠤᠨ᠎ᠠ
ᠨᠡᠶᠢᠲᠡᠯᠡᠭᠰᠡᠨ ᠴᠠᠭ᠄
2023/10/26
     2023 ᠣᠨ ᠤ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ  ᠶᠡᠷᠦᠩᠬᠡᠶᠢᠯᠡᠭᠰᠡᠨ  ᠰᠢᠪᠠᠳᠠᠨ  ᠪᠠᠶᠢᠴᠠᠭᠠᠯᠲᠠ ᠪᠠᠷ ᠠᠰᠠᠭᠤᠳᠠᠯ ᠤᠨ ᠰᠦᠪᠡᠭᠴᠢ ᠴᠤᠭᠯᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠵᠠᠷ             ᠲᠥᠷᠥ ᠶᠢᠨ ᠶᠠᠪᠤᠳᠠᠯ ᠤᠨ ᠬᠤᠷᠢᠶ᠎ᠠ 11 ᠰᠠᠷ᠎ᠠ ᠳᠤ 2023 ᠣᠨ ᠤ  ᠲᠥᠷᠥ ᠶᠢᠨ  ᠶᠠᠪᠤᠳᠠᠯ ᠤᠨ  ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢᠨ ᠠᠵᠢᠯ ᠢ ᠵᠣᠬᠢᠶᠠᠨ  ᠪᠠᠶᠢᠭᠤᠯᠤᠨ ᠥᠷᠨᠢᠭᠦᠯᠵᠦ᠂ ᠪᠡᠭᠡᠵᠢᠩ᠂ ᠲᠢᠶᠠᠨᠵᠢᠨ᠂  ᠾᠧᠪᠸᠢ᠂  ᠥᠪᠥᠷ  ᠮᠣᠩᠭᠤᠯ᠂  ᠭᠢᠷᠢᠨ᠂  ᠬᠠᠷᠠᠮᠥ᠋ᠷᠡᠨ᠂  ᠱᠠᠩᠬᠠᠶ᠂  ᠠᠨᠾᠦ᠋ᠢ᠂ᠵᠢᠶᠠᠩᠰᠢ᠂ ᠬᠤᠨᠠᠨ᠂ ᠭᠤᠸᠠᠩᠰᠢ᠂ ᠬᠠᠶᠢᠨᠠᠨ᠂ ᠴᠦᠩᠴᠢᠩ᠂ ᠶᠦᠨᠨᠠᠨ᠂ ᠭᠠᠨᠰᠦ᠂ ᠨᠢᠩᠰᠢᠶᠠ ᠵᠡᠷᠭᠡ  16  ᠮᠤᠵᠢ  ︵ᠣᠷᠣᠨ᠂ ᠬᠤᠲᠠ︶᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ  ᠰᠠᠯᠠᠭ᠎ᠠ  ᠮᠥᠴᠢᠷ ᠲᠤ  ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠬᠢᠬᠦ ᠪᠠᠷ ᠪᠠᠶᠢᠨ᠎ᠠ᠃ ᠰᠢᠪᠠᠳᠠᠨ ᠪᠠᠶᠢᠴᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠵᠡᠷᠭᠡ ᠪᠠᠷ  ᠠᠳᠬᠤᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠣᠰ ᠡᠳᠦᠷ ᠠᠴᠠ ᠡᠬᠢᠯᠡᠨ  ᠨᠡᠶᠢᠭᠡᠮ ᠨᠡᠶᠢᠲᠡ ᠠᠴᠠ ᠳᠤᠤᠷᠠᠬᠢ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ᠄             ᠨᠢᠭᠡ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠬᠠᠷᠰᠢᠯᠠᠭᠰᠠᠨ ᠲᠠᠯ᠎ᠠ  ᠪᠠᠷ ᠬᠢ ᠠᠰᠠᠭᠤᠳᠠᠯ ᠤᠨ ᠰᠦᠪᠡᠭᠴᠢ᠃             ᠬᠤᠶᠠᠷ ᠲᠤ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠠᠶᠢᠭᠤᠯᠬᠤ ᠶᠢ  ᠬᠠᠷᠰᠢᠯᠠᠭᠰᠠᠨ  ᠲᠠᠯ᠎ᠠ  ᠪᠠᠷ ᠬᠢ ᠠᠰᠠᠭᠤᠳᠠᠯ ᠤᠨ ᠰᠦᠪᠡᠭᠴᠢ᠃             ᠭᠤᠷᠪᠠ ᠳᠤ ᠤᠯᠤᠰ ᠤᠨ ᠳᠣᠲᠣᠭᠠᠳᠤ ᠶᠢᠨ  ᠬᠡᠷᠡᠭᠴᠡᠭᠡ ᠶᠢ  ᠥᠷᠭᠡᠳᠬᠡᠬᠦ ᠶᠢ  ᠨᠥᠯᠥᠭᠡᠯᠡᠭᠰᠡᠨ  ᠲᠠᠯ᠎ᠠ  ᠪᠠᠷ  ᠬᠢ ᠠᠰᠠᠭᠤᠳᠠᠯ ᠤᠨ ᠰᠦᠪᠡᠭᠴᠢ᠃             ᠳᠥᠷᠪᠡ ᠳᠤ  ᠬᠥᠳᠡᠭᠡ  ᠲᠣᠰᠬᠤᠨ ᠢ  ᠬᠥᠭᠵᠢᠭᠦᠯᠦᠨ   ᠮᠠᠨᠳᠤᠭᠤᠯᠬᠤ ᠶᠢ   ᠪᠥᠬᠦ   ᠲᠠᠯ᠎ᠠ ᠪᠠᠷ   ᠠᠬᠢᠭᠤᠯᠬᠤ ᠶᠢ ᠨᠥᠯᠥᠭᠡᠯᠡᠭᠰᠡᠨ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃             ᠲᠠᠪᠤ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠠᠶᠢᠳᠠᠪᠤᠷᠢᠭᠤᠯᠤᠬᠰᠠᠨ ᠢᠶᠠᠷ ᠬᠦᠷᠦᠯᠴᠡᠬᠦ ᠦᠭᠡᠢ ᠪᠠᠶᠢᠬᠤ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ᠃ 
ᠢᠷᠡᠯᠲᠡ᠄ ᠠᠷᠠᠳ ᠤᠨ ᠰᠦᠯᠵᠢᠶ᠎ᠡ