​ᠪᠣᠷᠣᠯᠠᠭᠤᠯᠬᠤ ᠶᠢ ᠲᠦᠷ ᠵᠣᠭᠰᠣᠭᠠᠵᠦ ᠡᠭᠡᠭᠦᠯᠦᠨ ᠠᠪᠴᠢᠷᠠᠨ᠎ᠠ︕ ᠡᠨᠡ 15 ᠪᠦᠯᠦᠭ ᠤᠳᠠᠭ᠎ᠠ ᠶᠢᠨ ᠡᠮ ᠲᠣᠭᠲᠠᠭᠠᠯ ᠳᠤ ᠨᠡᠶᠢᠴᠡᠬᠦ ᠥᠬᠡᠶ
ᠨᠡᠶᠢᠲᠡᠯᠡᠭᠰᠡᠨ ᠴᠠᠭ᠄
2023/10/26
     ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠵᠠᠷᠯᠠᠯ ᠨᠡᠶᠢᠲᠡᠯᠡᠵᠦ᠂  ᠳᠤᠮᠳᠠᠳᠤ ᠤᠯᠤᠰ ᠤᠨ ᠢᠳᠡᠭᠡᠨ ᠪᠠ ᠡᠮ ᠤᠨ ᠵᠦᠢᠯ ᠢ ᠰᠢᠯᠭᠠᠨ ᠲᠣᠭᠲᠠᠭᠠᠬᠤ ᠰᠤᠳᠤᠯᠭᠠᠨ ᠤ ᠬᠦᠷᠢᠶᠡᠯᠡᠩ  ᠵᠡᠷᠭᠡ  ᠡᠮ ᠤᠨ ᠵᠦᠢᠯ ᠢ ᠰᠢᠯᠭᠠᠨ ᠪᠠᠶᠢᠴᠠᠭᠠᠬᠤ 3 ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠤᠯᠠᠭᠠᠨᠬᠤᠲᠠ ᠶᠢᠨ ᠬᠢᠲᠠᠳ  ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ 15 ᠠᠵᠤ ᠠᠬᠤᠶᠢᠯᠠᠯ ᠤᠨ ᠦᠢᠯᠡᠳᠪᠦᠷᠢᠯᠡᠭᠰᠡᠨ ᠲᠠᠪᠤᠨ  ᠨᠠᠶᠢᠷᠠᠯᠭ᠎ᠠ ᠲᠠᠢ ᠲᠤᠩᠭᠠᠯᠠᠭ ᠦᠷᠢᠯ ︵五味清浊丸︶ ᠵᠡᠷᠭᠡ 15 ᠪᠦᠯᠦᠭ ᠤᠳᠠᠭ᠎ᠠ ᠶᠢᠨ ᠡᠮ ᠢ ᠲᠣᠭᠲᠠᠭᠠᠯ ᠳᠤ  ᠨᠡᠶᠢᠴᠡᠬᠦ ᠥᠬᠡᠶ ᠭᠡᠵᠦ ᠢᠯᠡᠷᠬᠡᠶᠢᠯᠡᠵᠡᠶ᠃             ᠵᠠᠷᠯᠠᠯ ᠢ ᠦᠨᠳᠦᠰᠦᠯᠡᠪᠡᠯ᠂ ᠳᠤᠮᠳᠠᠳᠤ ᠤᠯᠤᠰ ᠤᠨ ᠢᠳᠡᠭᠡᠨ ᠪᠠ ᠡᠮ ᠤᠨ ᠵᠦᠢᠯ  ᠢ ᠰᠢᠯᠭᠠᠨ  ᠲᠣᠭᠲᠠᠭᠠᠬᠤ ᠰᠤᠳᠤᠯᠭᠠᠨ ᠤ ᠬᠦᠷᠢᠶᠡᠯᠡᠩ ᠤᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠤᠯᠠᠭᠠᠨᠬᠤᠲᠠ ᠶᠢᠨ ᠬᠢᠲᠠᠳ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠨᠢᠭᠡ ᠪᠦᠯᠦᠭ ᠤᠳᠠᠭ᠎ᠠ ᠶᠢᠨ ᠲᠠᠪᠤᠨ  ᠨᠠᠶᠢᠷᠠᠯᠭ᠎ᠠ  ᠲᠠᠢ  ᠲᠤᠩᠭᠠᠯᠠᠭ  ᠦᠷᠢᠯ ︵五味清浊丸︶ ᠲᠣᠭᠲᠠᠭᠠᠯ ᠳᠤ ᠨᠡᠶᠢᠴᠡᠬᠦ ᠥᠬᠡᠶ᠂ ᠲᠥᠷᠥᠯ ᠵᠦᠢᠯ ᠤᠨ ᠠᠭᠤᠰᠤᠨ ᠵᠠᠳᠠᠷᠠᠬᠤ  ᠴᠠᠭ  ᠬᠤᠭᠤᠴᠠᠭ᠎ᠠ ᠳᠤ ᠲᠣᠭᠲᠠᠭᠠᠯ ᠳᠤ ᠨᠡᠶᠢᠴᠡᠬᠦ ᠥᠬᠡᠶ ᠭᠡᠵᠦ ᠲᠣᠳᠣᠷᠬᠠᠶᠢᠯᠠᠭᠰᠠᠨ ᠪᠠᠶᠢᠨ᠎ᠠ᠃ ᠠᠭᠤᠰᠤᠨ ᠵᠠᠳᠠᠷᠠᠬᠤ ᠴᠠᠭ ᠬᠤᠭᠤᠴᠠᠭ᠎ᠠ  ᠶᠢᠨ ᠬᠢᠵᠠᠭᠠᠷ ᠭᠡᠳᠡᠭ ᠨᠢ ᠦᠷᠢᠯ ᠡᠮ ᠤᠨ ᠠᠭᠤᠰᠤᠨ ᠵᠠᠳᠠᠷᠠᠬᠤ ᠪᠤᠶᠤ ᠬᠡᠮᠬᠡᠷᠬᠡᠶ ᠮᠥᠬᠦᠯᠢᠭ ᠪᠣᠯᠬᠤ ᠴᠠᠭ ᠬᠤᠭᠤᠴᠠᠭ᠎ᠠ ᠶᠢ  ᠵᠢᠭᠠᠵᠤ ᠪᠣᠶ᠂ ᠲᠣᠭᠲᠠᠭᠠᠯ ᠳᠤ ᠨᠡᠶᠢᠴᠡᠬᠦ ᠥᠬᠡᠶ ᠰᠢᠯᠲᠠᠭᠠᠨ ᠨᠢ ᠡᠮ ᠤᠨ ᠵᠣᠷ ᠵᠢᠴᠢ ᠭᠠᠷ ᠤᠷᠠᠯᠠᠯ ᠢ ᠵᠣᠬᠢᠰᠲᠠᠶ  ᠡᠵᠡᠮᠳᠡᠭᠰᠡᠨ  ᠥᠬᠡᠶ ᠵᠡᠷᠭᠡ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃             ᠤᠯᠤᠰ ᠤᠨ ᠡᠮ  ᠲᠠᠩ ᠤᠨ  ᠬᠢᠨᠠᠯᠲᠠ  ᠬᠠᠮᠢᠶᠠᠷᠤᠯᠲᠠ ᠶᠢᠨ  ᠲᠣᠪᠴᠢᠶ᠎ᠠ  ᠶᠢᠨ  ᠬᠢᠨ  ᠬᠡᠯᠡᠬᠦ  ᠳᠡᠭᠡᠨ᠂  ᠳᠡᠭᠡᠷ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠥᠬᠡᠶ ᠡᠮ ᠤᠨ  ᠲᠤᠬᠠᠢ ᠡᠮ  ᠲᠠᠩ ᠤᠨ  ᠬᠢᠨᠠᠯᠲᠠ  ᠬᠠᠮᠢᠶᠠᠷᠤᠯᠲᠠ ᠶᠢᠨ  ᠰᠠᠯᠠᠭ᠎ᠠ ᠮᠥᠴᠢᠷ ᠨᠢ ᠨᠢᠭᠡᠨᠲᠡ ᠬᠤᠯᠪᠣᠭᠳᠠᠯ ᠪᠥᠬᠦᠶ ᠠᠵᠤ  ᠠᠬᠤᠶᠢᠯᠠᠯ  ᠪᠠ  ᠨᠢᠭᠡᠴᠡ ᠶᠢ  ᠪᠣᠷᠣᠯᠠᠭᠤᠯᠭ᠎ᠠ  ᠬᠡᠷᠡᠭᠯᠡᠯᠲᠡ  ᠪᠠᠨ  ᠲᠦᠷ ᠵᠣᠭᠰᠣᠭᠠᠬᠤ᠂ ᠡᠭᠡᠭᠦᠯᠦᠨ ᠠᠪᠴᠢᠷᠠᠬᠤ ᠵᠡᠷᠭᠡ ᠲᠦᠭᠰᠢᠭᠦᠷᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ  ᠠᠪᠴᠤ᠂  ᠲᠣᠭᠲᠠᠭᠠᠯ ᠳᠤ ᠨᠡᠶᠢᠴᠡᠬᠦ ᠥᠬᠡᠶ ᠰᠢᠯᠲᠠᠭᠠᠨ ᠢ ᠪᠠᠶᠢᠴᠠᠭᠠᠬᠤ ᠶᠢᠨ ᠬᠠᠮᠲᠤ ᠦᠨᠡᠨ ᠬᠦ ᠴᠡᠭᠴᠡᠯᠡᠨ ᠥᠭᠡᠷᠡᠴᠢᠯᠡᠭᠦ ᠭᠡᠷᠡᠭᠳᠡᠢ ᠭᠡᠵᠦ ᠱᠠᠭᠠᠷᠳᠠᠪᠠ᠃ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠮᠤᠵᠢ ᠶᠢᠨ ᠱᠠᠲᠤᠨ ᠤ  ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ  ᠪᠣᠯᠤᠨ  ᠨᠢᠭᠡᠴᠡ ᠳᠤ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠭᠰᠡᠨ ᠰᠡᠵᠢᠭᠲᠡᠶ ᠦᠢᠯᠡ ᠠᠵᠢᠯᠯᠠᠭ᠎ᠠ ᠶᠢ ᠬᠡᠷᠡᠭ ᠪᠣᠯᠭᠠᠨ ᠳᠠᠩᠰᠠᠯᠠᠵᠤ  ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠦᠷ᠎ᠡ  ᠳ᠋ᠦᠡᠭ ᠢ ᠢᠯᠡ ᠨᠡᠶᠢᠳᠡᠯᠡᠬᠦ ᠭᠡᠷᠡᠭᠳᠡᠢ  ᠬᠡᠵᠤ ᠱᠠᠭᠠᠷᠳᠠᠵᠠᠢ᠃   
ᠢᠷᠡᠯᠲᠡ᠄ ᠠᠷᠠᠳ ᠤᠨ ᠰᠦᠯᠵᠢᠶ᠎ᠡ