ᠨᠥᠬᠦᠪᠥᠷᠢ ᠲᠠᠢ︕ ᠬᠥᠬᠡᠬᠤᠲᠠ ᠶᠢᠨ ᠡᠳᠡᠭᠡᠷ ᠭᠡᠷ ᠪᠦᠯᠢ ᠶᠢᠨ ᠬᠢᠨ 5000 ᠲᠥᠭᠦᠷᠢᠭ ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2023/10/26
     2023  ᠣᠨ ᠤ  8  ᠰᠠᠷ᠎ᠠ ᠶᠢᠨ  24 ᠤ  ᠡᠳᠦᠷ᠂  ᠬᠥᠬᠡᠬᠤᠲᠠ ᠶᠢᠨ  ᠠᠷᠠᠳ ᠤᠨ  ᠵᠠᠰᠠᠭ ᠤᠨ  ᠣᠷᠳᠣᠨ ︽ᠬᠥᠬᠡᠬᠤᠲᠠ ᠶᠢᠨ ᠬᠥᠮᠦᠨ ᠲᠠᠲᠠᠵᠤ ᠦᠯᠡᠳᠡᠭᠡᠬᠦ 18 ᠵᠦᠢᠯ ᠤᠨ ᠠᠷᠭ᠎ᠠ  ᠬᠡᠮᠵᠢᠶ᠎ᠡ ᠶᠢ  ᠳᠠᠷᠤᠮᠠᠯᠯᠠᠨ  ᠲᠠᠷᠬᠠᠭᠠᠬᠤ  ᠲᠤᠬᠠᠶ ᠮᠡᠳᠡᠭᠳᠡᠯ︾ ᠢ ᠨᠡᠶᠢᠲᠡᠯᠡᠪᠡ᠂ ᠡᠭᠦᠨ ᠳᠤ ᠬᠤᠶᠠᠷ ᠬᠡᠦᠬᠡᠳ ᠪᠤᠶᠤ ᠭᠤᠷᠪᠠᠨ ᠬᠡᠦᠬᠡᠳ ᠲᠥᠷᠥᠭᠰᠡᠨ ᠬᠥᠬᠡᠬᠤᠲᠠ ᠶᠢᠨ  ᠡᠷᠦᠬᠡ ᠠᠮᠠ ᠲᠠᠢ ᠬᠡᠷ ᠪᠦᠯᠢ ᠶᠢᠨ ᠬᠢᠨ ᠳᠤ ᠨᠢᠭᠡ ᠯᠡ ᠤᠳᠠᠭ᠎ᠠ ᠶᠢᠨ ᠴᠢᠨᠠᠷᠲᠠᠶ ᠬᠡᠦᠬᠡᠳ ᠪᠤᠶᠢᠵᠢᠭᠤᠯᠬᠤ ᠨᠡᠮᠡᠭᠦᠷᠢ ᠮᠦᠡᠭᠭᠦ  5000ᠲᠥᠭᠦᠷᠢᠭ ᠤᠯᠭᠤᠨ᠎ᠠ ᠲᠠᠷᠬᠠᠭᠠᠨ ᠦᠭᠭᠦᠨ᠎ᠡ ᠭᠡᠪᠡ᠃              ᠬᠤᠪᠢ ᠬᠥᠮᠦᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠷ᠎ᠡ ᠡᠮ᠎ᠡ ᠬᠤᠶᠠᠷ ᠲᠠᠯ᠎ᠠ ᠶᠢᠨ  ᠣᠷᠤᠭ ᠤᠨ ᠦᠨᠡᠮᠯᠡᠯ᠂ ᠬᠤᠶᠠᠷ ᠬᠡᠦᠬᠡᠳ ᠪᠤᠶᠤ ᠭᠤᠷᠪᠠᠨ ᠬᠡᠦᠬᠡᠳ ᠤᠨ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ᠂ ᠡᠷ᠎ᠡ ᠡᠮ᠎ᠡ ᠶᠢᠨ ᠳᠤᠷ᠎ᠠ ᠶᠢᠨ ᠨᠢᠭᠡ  ᠲᠠᠯ᠎ᠠ ᠶᠢᠨ  ᠡᠷᠦᠬᠡ  ᠠᠮᠠ ᠶᠢᠨ  ᠲᠠᠩᠰᠠ  ᠪᠠᠶᠢᠭ᠎ᠠ  ᠭᠠᠵᠠᠷ ︵ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠬᠥᠬᠡᠬᠤᠲᠠ︶ ᠤᠨ  ᠨᠡᠶᠢᠭᠡᠮ ᠲᠣᠭᠤᠷᠢᠭ  ︵ᠲᠣᠰᠬᠤᠨ ᠤ  ᠰᠠᠭᠤᠭᠠᠯᠢ︶ ᠲᠤ ᠬᠦᠷᠴᠦ ᠭᠤᠶᠤᠴᠢᠯᠠᠯ ᠤᠨ ᠬᠦᠰᠦᠨᠦᠭᠲᠦ ᠲᠠᠭᠯᠠᠨ ᠮᠡᠳᠡᠭᠦᠯᠬᠦ ᠬᠡᠷᠡᠭᠲᠡᠶ᠂ ᠬᠡᠷᠪᠡ  ᠡᠷ᠎ᠡ  ᠡᠮ᠎ᠡ  ᠬᠤᠶᠠᠷ ᠲᠠᠯ᠎ᠠ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠨᠢᠭᠡ ᠪᠢᠰᠢ ᠮᠥᠷᠲᠡᠭᠡᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠴᠥᠮ ᠬᠥᠬᠡᠬᠤᠲᠠ ᠵᠢᠨ‌ᠡᠷᠦᠬᠡ ᠠᠮᠠ ᠶᠢᠨ ᠲᠠᠩᠰᠠ ᠲᠠᠢ ᠶᠤᠮ ᠪᠤᠯ᠂ ᠨᠥᠭᠦᠭᠡ ᠲᠠᠯ᠎ᠠ ᠶᠢᠨ ᠡᠷᠦᠬᠡ ᠠᠮᠠ ᠶᠢᠨ ᠲᠠᠩᠰᠠ  ᠪᠠᠶᠢᠭ᠎ᠠ  ᠭᠠᠵᠠᠷ ᠠᠴᠠ ᠪᠠᠨ ᠨᠢᠭᠡ ᠯᠡ ᠤᠳᠠᠭ᠎ᠠ ᠶᠢᠨ ᠴᠢᠨᠠᠷᠲᠠᠶ ᠬᠡᠦᠬᠡᠳ ᠪᠤᠶᠢᠵᠢᠭᠤᠯᠬᠤ ᠨᠡᠮᠡᠭᠦᠷᠢ ᠭᠤᠶᠤᠴᠢᠯᠠᠭᠰᠠᠨ ᠥᠬᠡᠶ ᠭᠡᠰᠡᠨ ᠭᠡᠷᠡᠴᠢ ᠶᠢ ᠬᠢᠯᠭᠡᠬᠦ ᠬᠡᠷᠡᠭᠲᠡᠶ᠃ ᠬᠢᠨᠠᠨ ᠵᠥᠪᠰᠢᠶᠡᠷᠡᠭᠰᠡᠨ ᠤ ᠳᠠᠷᠠᠭ᠎ᠠ ᠪᠠᠶᠢᠭ᠎ᠠ ᠬᠤᠰᠢᠭᠤ  ᠰᠢᠶᠠᠨ  ᠲᠣᠭᠤᠷᠢᠭ ᠤᠨ  ᠡᠷᠡᠭᠦᠯ  ᠬᠠᠮᠠᠭᠠᠯᠠᠯ  ᠡᠷᠡᠭᠦᠯ ᠮᠡᠨᠳᠦ ᠶᠢᠨ ᠵᠥᠪᠯᠡᠯ ᠠᠴᠠ ᠪᠠᠩᠬᠢ ᠶᠢᠨ ᠲᠠᠩᠰᠠᠨ ᠨᠣᠮᠧᠷ ᠢᠶᠠᠷ ᠴᠢᠨᠢ ᠳᠠᠮᠵᠢᠭᠤᠯᠤᠨ ᠳᠠᠷᠠᠭ᠎ᠠ  ᠵᠢᠯ  ᠨᠢ  ᠣᠯᠠᠨ  ᠲᠦᠮᠡᠨ ᠳᠤ ᠣᠯᠭᠤᠨ᠎ᠠ᠃ 
ᠢᠷᠡᠯᠲᠡ᠄ ᠠᠷᠠᠳ ᠤᠨ ᠰᠦᠯᠵᠢᠶ᠎ᠡ