︽  ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/10/26
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠥᠨᠥᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠵᠦ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃     ᠡᠨᠡ ︽ᠳᠦᠷᠢᠮ︾ ᠨᠢ ᠨᠡᠶᠢᠲᠡ 7 ᠪᠦᠯᠦᠭ 60 ᠵᠤᠷᠪᠤᠰ ᠢᠶᠠᠷ ᠪᠦᠷᠢᠯᠳᠦᠵᠦ᠂ ᠭᠤᠣᠯᠳᠠᠭᠤ ᠡᠶᠢᠮᠦ ᠬᠡᠳᠦᠨ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃ ᠨᠢᠭᠡ ᠳᠤ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ᠲᠣᠭᠲᠠᠴᠠ ᠶᠢ  ᠲᠡᠭᠦᠯᠳᠡᠷᠵᠢᠭᠦᠯᠬᠦ᠃ ᠬᠤᠶᠠᠷ ᠲᠤ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠢᠷᠢ ᠪᠣᠯᠪᠠᠰᠤᠷᠠᠯ ᠢ ᠳᠡᠭᠡᠭᠰᠢᠯᠡᠭᠦᠯᠵᠦ᠂ ᠰᠦᠯᠵᠢᠶᠡᠨ ᠤ ᠬᠢᠷᠢ ᠪᠣᠯᠪᠠᠰᠤᠷᠠᠯ ᠤᠨ ᠬᠥᠮᠥᠵᠢᠯ ᠢ ᠰᠤᠷᠭᠠᠭᠤᠯᠢ ᠶᠢᠨ ᠬᠢᠷᠢ ᠪᠣᠯᠪᠠᠰᠤᠷᠠᠯ ᠤᠨ ᠬᠢᠴᠢᠶᠡᠯ ᠬᠥᠮᠥᠵᠢᠯ ᠤᠨ ᠠᠭᠤᠯᠭ᠎ᠠ ᠪᠣᠯᠭᠠᠬᠤ ᠃ ᠭᠤᠷᠪᠠ ᠳᠤ᠂ ᠰᠦᠯᠵᠢᠶᠡᠨ ᠤ ᠴᠢᠮᠡᠭᠡ ᠵᠠᠩᠭᠢ ᠶᠢᠨ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠠᠰᠤᠨ ᠳᠤ ᠦᠯᠦ ᠬᠦᠷᠦᠭᠰᠡᠳ ᠢ ᠰᠦᠯᠵᠢᠶ᠎ᠡ ᠪᠠᠷ ᠭᠤᠲᠤᠭᠠᠨ ᠳᠣᠷᠣᠮᠵᠢᠯᠠᠬᠤ ᠠᠵᠢᠯᠯᠠᠭ᠎ᠠ ᠶᠢ ᠬᠤᠷᠢᠭᠯᠠᠨ ᠴᠠᠭᠠᠵᠠᠯᠠᠬᠤ᠃ ᠳᠥᠷᠪᠡ ᠳᠤ᠂ ᠨᠠᠰᠤᠨ ᠳᠤ ᠦᠯᠦ ᠬᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠃ ᠲᠠᠪᠤ ᠳᠤ ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠨ ᠵᠠᠰᠠᠵᠤ᠂ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡ ᠬᠠᠩᠭᠠᠭᠴᠢᠳ ᠠᠴᠠ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠲᠣᠭᠯᠠᠭᠠᠮ ᠳᠤ ᠰᠢᠨᠤᠬᠤ ᠠᠴᠠ ᠤᠷᠢᠳᠴᠢᠯᠠᠨ ᠰᠡᠷᠭᠡᠶᠢᠯᠡᠬᠦ ᠳᠦᠷᠢᠮ ᠢ ᠲᠣᠭᠲᠠᠭᠠᠵᠤ᠂ ᠲᠣᠭᠯᠠᠭᠠᠮ ᠤᠨ ᠪᠦᠲᠦᠭᠡᠭᠳᠡᠬᠦᠨ ᠢ ᠲᠥᠷᠥᠯ ᠬᠤᠪᠢᠶᠠᠬᠤ ᠶᠢᠨ ᠬᠠᠮᠲᠤ ᠶᠠᠮᠠᠷ ᠨᠠᠰᠤᠨ ᠤ ᠬᠡᠦᠬᠡᠳ ᠲᠤ ᠲᠣᠬᠢᠷᠠᠬᠤ ᠶᠢ  ᠰᠠᠨᠠᠭᠤᠯᠬᠤ ᠵᠡᠷᠭᠡ ᠪᠣᠯᠣᠨ᠎ᠠ᠃
ᠢᠷᠡᠯᠲᠡ᠄ ᠲᠥᠪ ᠷᠠᠳᠢᠣ᠋ ᠶᠢᠨ ᠮᠡᠳᠡᠭᠡ