ᠡᠨᠡᠬᠦ ᠬᠠᠤᠯᠢ ᠶᠢ ᠤᠳᠠᠯ ᠦᠬᠡᠢ ᠭᠡᠷᠡᠭᠵᠢᠬᠦᠯᠬᠦ ᠪᠤᠯᠤᠨ᠎ᠡ
ᠨᠡᠶᠢᠲᠡᠯᠡᠭᠰᠡᠨ ᠴᠠᠭ᠄
2023/10/26
       ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠠᠴᠠ 2023 ᠤᠨ ᠤ 10 ᠳ᠋ᠤᠭᠠᠷ ᠰᠠᠷ᠎ᠠ ᠶᠢᠨ 24 ᠤ ᠡᠳᠤᠷ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ  ᠤᠨ ᠡᠬᠡ ᠤᠷᠤᠨᠴᠢ  ᠦᠵᠡᠯ ᠤᠨ ᠬᠦᠮᠦᠵᠢᠯ ᠤᠨ ᠬᠠᠤᠯᠢ︾  ᠳᠤ ᠰᠠᠨᠠᠯ ᠤᠷᠤᠭᠤᠯᠤᠨ ᠪᠠᠳᠤᠯᠠᠵᠤ᠂ 2024 ᠤᠨ ᠤ 1 ᠳ᠋ᠤᠭᠡᠷ ᠰᠠᠷ᠎ᠠ ᠶᠢᠨ 1 ᠤ ᠡᠳᠤᠷ ᠠᠴᠠ ᠡᠬᠢᠯᠡᠨ ᠭᠡᠷᠡᠭᠵᠢᠬᠦᠯᠬᠦ ᠪᠤᠯᠤᠨ᠎ᠡ᠃  ᠡᠬᠡ ᠤᠷᠤᠨᠴᠢ ᠦᠵᠡᠯ ᠤᠨ ᠬᠦᠮᠦᠵᠢᠯ ᠢ ᠴᠢᠩᠭᠠᠳᠬᠠᠨ᠂  ᠡᠬᠡ ᠤᠷᠤᠨᠴᠢ ᠦᠵᠡᠯ ᠤᠨ ᠵᠤᠷᠢᠭ ᠰᠠᠨᠠᠭ᠎ᠠ ᠶᠢ  ᠤᠯᠠᠮᠵᠢᠯᠠᠨ  ᠪᠠᠳᠠᠷᠠᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠡᠨᠡᠬᠦ ᠬᠠᠤᠯᠢ  ᠴᠠᠭᠠᠵᠠ ᠨᠢ ᠶᠡᠷᠦᠩᠬᠡᠢ ᠲᠦᠷᠢᠮ᠂ ᠡᠬᠦᠷᠭᠡ ᠬᠠᠷᠢᠭᠤᠴᠠᠯᠭ᠎ᠠ᠂ ᠭᠡᠷᠡᠭᠵᠢᠬᠦᠯᠬᠦ ᠠᠷᠭ᠎ᠠ ᠬᠡᠮᠵᠢᠶ᠎ᠡ᠂ ᠳᠠᠮᠵᠢᠯᠬᠡ ᠪᠠᠳᠤᠯᠠᠭ᠎ᠠ ᠪᠠ  ᠲᠠᠭᠠᠯᠳᠡ ᠲᠦᠷᠢᠮ ᠵᠡᠷᠭᠡ ᠶᠢ  ᠪᠠᠭᠳᠠᠭᠠᠭᠠᠳ ᠨᠡᠶᠢᠳᠡ 5 ᠪᠦᠯᠦᠭ 40 ᠵᠤᠷᠪᠤᠰ  ᠢᠶᠠᠷ ᠪᠦᠷᠢᠯᠳᠦᠭᠰᠡᠨ ᠶᠤᠮ ᠃          ᠡᠬᠡ ᠤᠷᠤᠨᠴᠢ  ᠦᠵᠡᠯ ᠤᠨ ᠬᠦᠮᠦᠵᠢᠯ ᠤᠨ ᠬᠠᠤᠯᠢ  ᠳᠤ ᠡᠬᠡ ᠤᠷᠤᠨᠴᠢ  ᠦᠵᠡᠯ ᠤᠨ ᠬᠦᠮᠦᠵᠢᠯ ᠤᠨ  ᠭᠤᠤᠯ ᠠᠭᠤᠯᠭ᠎ᠠ ᠶᠢ ᠲᠤᠭᠳᠠᠭᠠᠵᠤ᠂ ᠦᠵᠡᠯ ᠰᠠᠨᠠᠭ᠎ᠠ ᠤᠯᠤᠰ ᠲᠦᠷᠦ᠂ ᠲᠡᠤᠭᠡ ᠰᠤᠶᠤᠯ᠂  ᠤᠯᠤᠰ ᠤᠨ  ᠪᠡᠯᠭᠡ ᠳᠠᠮᠳᠡᠭ᠂  ᠡᠬᠡ ᠤᠯᠤᠰ ᠤᠨ ᠦᠵᠡᠬᠦᠰᠯᠡᠩᠳᠤ ᠰᠠᠶᠢᠬᠠᠨ ᠠᠭᠤᠯᠠ ᠤᠰᠤ ᠪᠠ ᠲᠡᠤᠭᠡ ᠰᠤᠶᠤᠯ ᠤᠨ ᠦᠯᠡᠳᠡᠭᠳᠡᠯ᠂  ᠦᠨᠳᠦᠰᠦᠨ ᠬᠠᠤᠯᠢ ᠪᠠ ᠬᠠᠤᠯᠢ ᠴᠠᠭᠠᠵᠠ᠂ ᠤᠯᠤᠰ ᠤᠨ ᠨᠢᠬᠡᠳᠦᠯ ᠪᠠ ᠦᠨᠳᠦᠰᠦᠳᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠠ ᠪᠠᠳᠤᠯᠠᠨ ᠬᠠᠮᠠᠭᠠᠯᠠᠯᠳᠠ᠂  ᠦᠷᠡᠭᠳᠡᠭᠰᠡᠨ ᠪᠠᠭᠠᠳᠤᠷᠴᠤᠳ ᠪᠠ ᠵᠢᠱᠢᠶᠡᠴᠢᠳ ᠤᠨ ᠦᠢᠯᠠ ᠭᠠᠪᠢᠶ᠎ᠠ ᠵᠡᠷᠭᠡ ᠲᠠᠯ᠎ᠠ ᠶᠢ ᠬᠠᠮᠤᠷᠤᠭᠰᠠᠨ ᠪᠠᠶᠢᠨ᠎ᠠ᠃ ᠡᠬᠡ ᠤᠷᠤᠨᠴᠢ ᠦᠵᠡᠯ ᠤᠨ ᠬᠥᠮᠥᠵᠢᠯ ᠢ ᠪᠦᠬᠦ ᠠᠷᠠᠳ ᠢᠷᠭᠡᠳ ᠲᠤ ᠬᠠᠨᠳᠤᠭᠤᠯᠤᠨ ᠥᠷᠨᠢᠭᠦᠯᠬᠦ ᠪᠠᠷ ᠲᠣᠭᠲᠠᠵᠤ᠂ ᠵᠠᠯᠠᠭᠤᠴᠤᠳ ᠪᠠᠭᠠᠴᠤᠳ ᠪᠤᠯᠤᠨ ᠬᠡᠤᠬᠡᠳ ᠤᠳ ᠲᠤ ᠰᠤᠷᠭᠠᠭᠤᠯᠢ ᠪᠠ ᠬᠡᠷ ᠪᠦᠯᠢ ᠶᠢᠨ ᠵᠦᠭ ᠠᠴᠠ ᠬᠠᠮᠢᠶᠠᠳᠡᠢ ᠬᠦᠮᠦᠵᠢᠯ ᠬᠦᠷᠳᠡᠬᠡᠬᠦ ᠶᠢ ᠲᠣᠪᠣᠶᠢᠯᠭᠠᠭᠰᠠᠨ ᠤ ᠬᠠᠮᠲᠤ ᠠᠯᠪᠡᠨ ᠠᠵᠢᠯᠳᠡᠨ᠂ ᠠᠵᠤ ᠠᠬᠤᠶᠢᠯᠡᠯ ᠠᠵᠢᠯ ᠦᠢᠯᠡᠰ ᠤᠨ ᠪᠠᠶᠢᠭᠤᠯᠭ᠎ᠠ ᠶᠢᠨ ᠠᠵᠢᠯᠳᠡᠨ ᠠᠵᠢᠯᠴᠢᠨ᠂ ᠲᠤᠰᠬᠤᠨ ᠤ ᠰᠠᠭᠤᠭᠠᠯᠢ ᠠᠷᠠᠳ᠂ ᠰᠢᠶᠠᠩᠭᠠᠩ ᠤᠤᠮᠧᠨ ᠲᠠᠶᠢᠸᠠᠨ ᠤ ᠠᠬ᠎ᠠ ᠲᠡᠬᠦᠦ ᠨᠡᠷ  ᠪᠠ  ᠭᠠᠳᠠᠭᠠᠳᠤ ᠳᠤ ᠪᠠᠶᠢᠭ᠎ᠠ ᠬᠠᠷᠢᠶᠠᠳᠤ ᠨᠠᠷ  ᠵᠡᠷᠭᠡ  ᠬᠦᠮᠦᠰ ᠲᠤ  ᠡᠬᠡ ᠤᠷᠤᠨᠴᠢ ᠦᠵᠡᠯ ᠤᠨ ᠬᠦᠮᠦᠵᠢᠯ ᠬᠦᠷᠳᠡᠬᠡᠬᠦ ᠲᠤᠬᠠᠢ  ᠲᠤᠰ ᠲᠤᠰ  ᠲᠣᠭᠲᠠᠭᠠᠭᠰᠠᠨ ᠪᠠᠶᠢᠨ᠎ᠠ ᠃       ᠡᠬᠡ ᠤᠷᠤᠨᠴᠢ ᠦᠵᠡᠯ ᠤᠨ ᠬᠦᠮᠦᠵᠢᠯ ᠤᠨ ᠬᠠᠤᠯᠢ ᠶᠢ ᠲᠤᠭᠳᠠᠭᠠᠵᠤ᠂ ᠬᠠᠤᠯᠢ ᠪᠠᠷ ᠵᠠᠰᠠᠬᠤ ᠬᠡᠯᠪᠡᠷᠢ ᠪᠠᠷ ᠰᠢᠨ᠎ᠡ ᠴᠠᠭ  ᠦᠶ᠎ᠡ  ᠶᠢᠨ ᠡᠬᠡ ᠤᠷᠤᠨᠴᠢ ᠦᠵᠡᠯ ᠤᠨ ᠬᠦᠮᠦᠵᠢᠯ ᠢ ᠠᠬᠢᠭᠤᠯᠤᠨ ᠪᠠᠳᠤᠯᠠᠭᠰᠠᠨ ᠨᠢ ᠦᠨᠳᠦᠰᠦᠳᠡᠨ ᠤ ᠵᠤᠷᠢᠭ ᠰᠠᠨᠠᠭ᠎ᠠ ᠶᠢ ᠬᠦᠪᠴᠢᠯᠠᠨ᠂ ᠠᠷᠠᠳ ᠲᠦᠮᠡᠨ ᠤ ᠬᠦᠴᠦᠨ ᠴᠢᠳᠠᠯ ᠢ ᠨᠢᠭᠲᠠᠷᠠᠭᠤᠯᠵᠤ᠂ ᠤᠯᠤᠰ ᠤᠷᠤᠨ ᠢᠶᠠᠨ ᠬᠦᠴᠦᠷᠭᠡᠭᠵᠢᠬᠦᠯᠬᠦ ᠪᠠᠶᠢᠭᠤᠯᠤᠯᠳᠡ᠂  ᠦᠨᠳᠦᠰᠦᠳᠡᠨ ᠤ ᠰᠡᠷᠭᠦᠯ ᠮᠠᠨᠳᠤᠯ ᠢ ᠠᠬᠢᠭᠤᠯᠬᠤ ᠳᠤ ᠲᠤᠶᠢᠯ ᠤᠨ ᠴᠢᠬᠤᠯᠠ ᠪᠦᠭᠡᠳ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠃     
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ