ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ  ᠤᠨ ᠰᠢᠨᠵᠢᠯᠡᠭᠡᠨ ᠤ ᠨᠡᠶᠢᠭᠡᠮᠯᠢᠭ  ᠤᠨ 2023 ᠣᠨ ᠤ ᠡᠭᠡᠯᠵᠢᠲᠦ ᠬᠤᠷᠠᠯ ᠪᠡᠭᠡᠵᠢᠩ  ᠳᠤ ᠪᠣᠯᠵᠠᠢ
ᠨᠡᠶᠢᠲᠡᠯᠡᠭᠰᠡᠨ ᠴᠠᠭ᠄
2023/10/26
     ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ 2023 ᠣᠨ ᠤ ᠡᠭᠡᠯᠵᠢᠲᠦ ᠬᠤᠷᠠᠯ ᠪᠠ ᠲᠥᠯᠥᠭᠡᠯᠡᠭᠴᠢᠳ ᠤᠨ ᠶᠡᠭᠡ ᠬᠤᠷᠠᠯ 10 ᠳ᠋ᠤᠭᠠᠷ ᠰᠠᠷ᠎ᠠ ᠶᠢᠨ 21 ᠤ ᠡᠳᠦᠷ ᠪᠡᠭᠡᠵᠢᠩ ᠳᠠᠬᠢ ᠲᠥᠪ ᠤᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠳᠤ ᠪᠣᠯᠣᠭᠰᠠᠨ ᠪᠠᠶᠢᠨ᠎ᠠ᠃ ᠲᠤᠰ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠤᠭᠰᠠᠭᠠᠲᠠᠨ ᠵᠦᠢ ᠪᠣᠯᠣᠨ ᠬᠥᠮᠥᠨ ᠵᠦᠢ ᠶᠢᠨ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠪᠦᠷᠭᠦᠳ ᠬᠤᠷᠠᠯ ᠢ ᠡᠷᠬᠢᠯᠡᠭᠰᠡᠨ ᠪᠠᠶᠢᠨ᠎ᠠ᠃     ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠤᠭᠰᠠᠭᠠᠲᠠᠨ ᠵᠦᠢ ᠪᠣᠯᠣᠨ ᠬᠥᠮᠥᠨ ᠵᠦᠢ ᠶᠢᠨ ᠤᠬᠠᠭᠠᠨ ᠤ ᠰᠤᠳᠤᠯᠭᠠᠨ ᠤ ᠭᠠᠵᠠᠷ ᠤᠨ ᠬᠤᠶᠠᠳᠤᠭᠠᠷ ᠳᠡᠰ ᠤᠨ ᠰᠤᠳᠤᠯᠤᠭᠴᠢ᠂ ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠳᠠᠷᠤᠭ᠎ᠠ ᠬᠥᠬᠡ ᠡᠬᠢᠯᠡᠯᠲᠡ ᠶᠢᠨ ᠶᠣᠰᠣᠯᠠᠯ ᠳᠡᠭᠡᠷ᠎ᠡ ᠦᠭᠡ ᠬᠡᠯᠡᠭᠰᠡᠨ ᠪᠠᠶᠢᠨ᠎ᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠤᠭᠰᠠᠭᠠᠲᠠᠨ ᠵᠦᠢ ᠪᠣᠯᠣᠨ ᠬᠥᠮᠥᠨ ᠵᠦᠢ ᠶᠢᠨ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠸᠠᠩ ᠹᠧᠩ ᠪᠠᠶᠠᠷ ᠤᠨ ᠦᠭᠡ ᠬᠡᠯᠡᠭᠰᠡᠨ ᠶᠤᠮ᠃ ᠲᠤᠰ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠪᠦᠷᠭᠦᠳ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢᠳ ᠤᠨ ᠺᠣᠮᠢᠰ ᠲᠤ ᠰᠢᠨ᠎ᠡ ᠭᠡᠰᠢᠭᠦᠨ ᠨᠡᠮᠡᠭᠰᠡᠨ᠂ ᠪᠦᠷᠢᠯᠳᠦᠬᠦᠨ ᠢ ᠨᠢ ᠲᠣᠬᠢᠷᠠᠭᠤᠯᠤᠭᠰᠠᠨ᠂ ᠨᠡᠶᠢᠭᠡᠮᠯᠢᠭ ᠤᠨ ᠲᠥᠰᠥᠪ ᠤᠨ ᠪᠠᠶᠢᠳᠠᠯ᠂ ᠨᠡᠶᠢᠭᠡᠮᠯᠢᠭ ᠲᠤ ᠮᠥᠩᠭᠦ ᠬᠠᠨᠳᠢᠪᠯᠡᠭ᠌ᠰᠠᠨ ᠪᠠᠶᠢᠳᠠᠯ ᠵᠡᠷᠭᠡ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠤᠭᠰᠠᠭᠠᠲᠠᠨ ᠵᠦᠢ ᠪᠣᠯᠣᠨ ᠬᠥᠮᠥᠨ ᠵᠦᠢ ᠶᠢᠨ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠸᠠᠩ ᠹᠧᠩ ᠢᠯᠡᠷᠬᠡᠶᠢᠯᠡᠬᠦ ᠳᠡᠭᠡᠨ᠂ ᠨᠠᠮ ᠲᠥᠷᠥ ᠠᠴᠠ ᠦᠭᠡ ᠬᠡᠯᠡ ᠦᠰᠦᠭ ᠪᠢᠴᠢᠭ ᠤᠨ ᠦᠢᠯᠡᠰ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠳᠡᠭ ᠶᠤᠮ᠃ ᠨᠠᠮ ᠤᠨ ᠲᠥᠪ ᠬᠤᠷᠢᠶᠠᠨ ᠠᠴᠠ ᠦᠭᠡ ᠬᠡᠯᠡ ᠦᠰᠦᠭ ᠪᠢᠴᠢᠭ ᠤᠨ ᠦᠢᠯᠡᠰ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯ ᠤᠨ ᠪᠦᠬᠦ ᠲᠠᠯ᠎ᠠ ᠶᠢᠨ ᠪᠠᠶᠢᠷᠢᠯᠠᠭᠤᠯᠤᠯᠲᠠ ᠳᠤ ᠣᠷᠣᠭᠤᠯᠵᠤ᠂ ᠨᠡᠶᠢᠳᠡᠮ ᠳᠤᠨᠢ ᠵᠣᠬᠢᠴᠠᠭᠤᠯᠤᠨ ᠲᠥᠯᠥᠪᠵᠢᠭᠦᠯᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠦᠵᠡᠯ ᠰᠠᠨᠠᠭᠠᠨ ᠤ ᠭᠡᠷ ᠣᠷᠣᠨ ᠢ ᠪᠠᠶᠢᠭᠤᠯᠵᠤ᠂ ᠤᠯᠤᠰ ᠤᠨ ᠨᠡᠶᠢᠳᠡᠮ ᠤᠨ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠵᠦ᠂ ᠡᠯ᠎ᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠠᠵᠢᠯ ᠢ ᠬᠦᠨᠳᠦᠳᠬᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠶᠤᠮ᠃ ᠡᠯ᠎ᠡ ᠰᠤᠳᠤᠯᠭᠠᠨ ᠤ ᠪᠠᠶᠢᠭᠤᠯᠤᠮᠵᠢ ᠡᠷᠳᠡᠮ ᠰᠢᠨᠵᠢᠯᠡᠭᠡᠨ ᠤ ᠤᠳᠤᠷᠢᠳᠤᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠳᠬᠠᠵᠤ᠂ ᠦᠨᠳᠦᠰᠦᠲᠡᠨ ᠤ ᠣᠷᠣᠨ ᠤ ᠣᠳᠣᠬᠢᠴᠢᠯᠠᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠷᠢᠯᠴᠠᠵᠤ ᠰᠣᠯᠢᠯᠴᠠᠵᠤ ᠠᠭᠤᠰᠤᠯᠴᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯ ᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠦᠵᠡᠯ ᠰᠠᠨᠠᠭᠠᠨ ᠤ ᠶᠡᠭᠡ ᠭᠡᠷ ᠪᠦᠯᠢ ᠶᠢ ᠪᠠᠶᠢᠭᠤᠯᠬᠤ ᠶᠠᠪᠤᠴᠠ ᠳᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠠᠭᠤᠷᠢ ᠴᠢᠨᠠᠷᠲᠠᠢ᠂ ᠤᠳᠤᠷᠢᠳᠤᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠡᠢ᠃      ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠳᠠᠷᠤᠭ᠎ᠠ ᠬᠥᠬᠡ ᠢᠯᠡᠷᠬᠡᠶᠢᠯᠡᠬᠦ ᠳᠡᠭᠡᠨ᠂ ᠲᠤᠰ ᠨᠡᠶᠢᠭᠡᠮᠯᠢᠭ ᠤᠨ ᠤᠳᠤᠷᠢᠳᠬᠤ ᠪᠠᠭ 2021 ᠣᠨ ᠳᠤ ᠰᠣᠩᠭᠤᠭᠤᠯᠢ ᠬᠢᠵᠦ ᠠᠵᠢᠯ ᠢᠶᠠᠨ ᠡᠬᠢᠯᠡᠭᠦᠯᠦᠭᠰᠡᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠣᠯᠣᠨ ᠨᠠᠷᠢᠨ ᠪᠢᠴᠢᠭ ᠤᠨ ᠭᠠᠵᠠᠷ ᠤᠨ ᠰᠢᠷᠭᠠᠭᠤ ᠬᠠᠲᠠᠭᠤᠵᠢᠯᠲᠠᠢ ᠠᠵᠢᠯ ᠢᠶᠠᠷ ᠳᠠᠮᠵᠢᠨ᠂ ᠠᠵᠢᠯ ᠢᠶᠠᠨ ᠤᠷᠤᠭᠰᠢᠲᠠᠢ ᠠᠬᠢᠭᠤᠯᠵᠤ ᠪᠠᠶᠢᠨ᠎ᠠ᠃ ᠳᠠᠷᠠᠭ᠎ᠠ ᠠᠯᠬᠤᠮ ᠳᠤ᠂ ᠲᠤᠰ ᠨᠡᠶᠢᠭᠡᠮᠯᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠠᠵᠢᠯ ᠢ ᠴᠢᠨᠠᠭᠰᠢᠳᠠ ᠠᠬᠢᠭᠤᠯᠵᠤ᠂ ᠨᠡᠶᠢᠭᠡᠮᠯᠢᠭ ᠤᠨ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠪᠣᠯᠣᠨ᠎ᠠ ᠭᠡᠵᠡᠢ᠃      ᠲᠤᠰ ᠤᠳᠠᠭᠠᠨ ᠤ ᠬᠤᠷᠠᠯ ᠳᠡᠭᠡᠷ᠎ᠡ᠂ ᠬᠥᠯᠥᠨ ᠪᠣᠶᠢᠷ ᠬᠤᠲᠠ ᠶᠢᠨ ᠡᠸᠡᠩᠬᠢ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ᠂ ᠤᠷᠠᠨ ᠪᠢᠴᠢᠯᠭᠡᠲᠡᠨ ᠪᠣᠣ ᠪᠣᠣ ᠱᠠᠨ ᠵᠡᠷᠭᠡ ᠡᠷᠳᠡᠮᠲᠡᠳ ᠲᠤᠰ ᠨᠡᠶᠢᠭᠡᠮᠯᠢᠭ ᠲᠤ ᠣᠩᠨᠢᠭᠤᠳ ᠠᠴᠠ ᠣᠯᠳᠠᠭᠰᠠᠨ ︽ᠳᠠᠷᠤᠭᠠᠴᠢ ᠵᠢᠭᠦᠨᠲᠠᠢ ᠶᠢᠨ ᠬᠥᠰᠢᠶᠡᠨ ᠤ ᠪᠢᠴᠢᠭ︾ ᠤᠨ ᠳᠠᠷᠤᠮᠠᠯ ᠢ ᠪᠡᠯᠡᠭᠯᠡᠵᠡᠢ᠃ ᠡᠭᠦᠨ ᠤ ᠬᠠᠮᠲᠤ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠲᠤᠰ ᠨᠡᠶᠢᠭᠡᠮᠯᠢᠭ ᠲᠤ ᠰᠢᠨ᠎ᠡ ᠬᠡᠪᠯᠡᠯ ᠤᠨ ᠮᠣᠩᠭᠤᠯ ᠬᠡᠯᠡᠨ ᠤ WPS ᠰᠢᠰᠲ᠋ᠧᠮ ᠢ ᠪᠡᠯᠡᠭᠯᠡᠵᠦ᠂ ᠥᠪᠥᠷ ᠮᠣᠩᠭᠤᠯ ᠤᠨ ᠬᠥᠯᠥᠨ ᠪᠣᠶᠢᠷ ᠬᠤᠲᠠ ᠶᠢᠨ ᠬᠠᠶᠢᠯᠠᠷ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠲᠠᠯᠲᠤ ᠰᠢᠨ᠎ᠡ ᠰᠤᠳᠤᠯᠭᠠᠨ ᠤ ᠪᠦᠲᠦᠭᠡᠯ ᠢᠶᠠᠨ ᠪᠡᠯᠡᠭ ᠪᠣᠯᠭᠠᠵᠠᠢ᠃      ᠨᠡᠶᠢᠭᠡᠮᠯᠢᠭ ᠤᠨ ᠣᠨ ᠤ ᠡᠭᠡᠯᠵᠢᠲᠦ ᠬᠤᠷᠠᠯ ᠬᠤᠶᠠᠷ ᠬᠤᠨᠤᠭ ᠶᠠᠪᠤᠭᠳᠠᠵᠤ᠂ ᠲᠠᠪᠤᠨ ᠲᠠᠯᠠᠪᠠᠢ ᠡᠷᠳᠡᠮ ᠰᠢᠨᠵᠢᠯᠡᠭᠡᠨ ᠤ ᠪᠠᠭ᠎ᠠ ᠬᠤᠷᠠᠯ ᠪᠣᠯᠣᠨ ᠨᠡᠶᠢᠭᠡᠮᠯᠢᠭ ᠤᠨ ᠵᠠᠯᠠᠭᠤᠴᠤᠳ ᠤᠨ ᠰᠠᠯᠪᠤᠷᠢ ᠬᠤᠷᠠᠯ ᠬᠢᠬᠦ ᠪᠣᠯᠣᠨ᠎ᠠ᠃ ᠡᠨᠡ ᠵᠢᠯ ᠤᠨ ᠡᠭᠡᠯᠵᠢᠲᠦ ᠬᠤᠷᠠᠯ ᠳᠤ ᠳᠡᠪᠰᠢᠭᠦᠯᠦᠭᠰᠡᠨ ᠥᠭᠦᠯᠡᠯ ᠶᠡᠷᠡ ᠭᠠᠷᠤᠢ ᠪᠠᠶᠢᠨ᠎ᠠ᠃      ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠨᠣᠮ ᠤᠨ ᠰᠠᠩ ᠵᠡᠷᠭᠡ ᠬᠠᠮᠢᠶ᠎ᠠ ᠲᠠᠢ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠨᠡᠶᠢᠲᠡ 120 ᠭᠠᠷᠤᠢ ᠬᠥᠮᠥᠨ ᠬᠤᠷᠠᠯ ᠳᠤ ᠣᠷᠣᠯᠴᠠᠭᠰᠠᠨ ᠶᠤᠮ᠃     
ᠢᠷᠡᠯᠲᠡ᠄ ᠲᠦᠪ ᠲᠧᠯᠸᠢᠰ ᠤᠨ ᠮᠤᠩᠭᠤᠯ ᠷᠠᠳᠢᠤ᠋ ᠰᠦᠯᠵᠢᠶ᠎ᠡ