| 10 ᠰᠠᠷ᠎ᠠ ᠶᠢᠨ 26 ᠤ ᠡᠳᠦᠷ᠂ ︽ᠪᠣᠬᠢᠷᠲᠤᠯ ᠦᠭᠡᠢ ᠬᠥᠭᠵᠢᠯᠲᠡ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠢᠷᠡᠭᠡᠳᠦᠢ︾ ᠪᠠᠷ ᠭᠤᠣᠯ ᠰᠡᠳᠦᠪ | ᠪᠣᠯᠭᠠᠭᠰᠠᠨ 2023 ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠠᠵᠦ ᠦᠢᠯᠡᠰ ᠤᠨ ᠶᠡᠭᠡ ᠬᠤᠷᠠᠯ ᠡᠬᠢᠯᠡᠪᠡ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠣᠷᠣᠯᠴᠠᠵᠠᠢ᠃ | ᠲᠤᠰ ᠤᠳᠠᠭ᠎ᠠ ᠶᠢᠨ ᠶᠡᠭᠡ ᠬᠤᠷᠠᠯ ᠨᠢ ᠣᠷᠳᠣᠰ ᠬᠤᠳᠠ ᠶᠢᠨ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠭᠦᠷᠡᠰᠦᠲᠥ᠋ᠷᠥᠭᠴᠢ ᠦᠯᠦ | ᠭᠠᠲᠠᠬᠰᠢᠯᠠᠭᠤᠯᠬᠤ ᠠᠵᠤ ᠦᠢᠯᠡᠰ ᠤᠨ ᠳᠠᠭᠠᠭᠤᠯᠤᠭᠴᠢ ᠬᠥᠮᠥᠰ᠂ ᠲᠤᠰᠬᠠᠢ ᠮᠡᠷᠭᠡᠵᠢᠯᠲᠡᠨ ᠡᠷᠳᠡᠮᠲᠡᠨ᠂ ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠲᠥᠯᠥᠭᠡᠯᠡᠭᠴᠢ ᠶᠢ ᠤᠷᠢᠵᠤ᠂ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠠᠵᠤ ᠦᠢᠯᠡᠰ ᠤᠨ ᠰᠢᠨ᠎ᠡ ᠶᠢ ᠡᠭᠦᠳᠬᠦ ᠵᠠᠭᠪᠤᠷ ᠪᠣᠯᠣᠨ ᠤᠳᠤ | ᠦᠶ᠎ᠡ ᠶᠢᠨ ᠡᠨᠧᠷᠭᠢ ᠵᠢᠴᠢ ᠠᠵᠤ ᠦᠢᠯᠡᠳᠪᠦᠷᠢ ᠶᠢᠨ ᠰᠢᠰᠲ᠋ᠤᠮ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢ ᠬᠠᠮᠲᠤ ᠪᠠᠷ ᠰᠤᠳᠤᠯᠤᠨ ᠶᠠᠷᠢᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ᠂ ᠪᠤᠭᠤᠲᠤ᠂ ᠣᠷᠳᠣᠰ ᠪᠣᠯᠣᠨ ᠤᠯᠠᠭᠠᠨᠴᠠᠪ ᠵᠡᠷᠭᠡ ᠭᠠᠵᠠᠷ ᠤᠨ ᠥᠪᠥᠷ ᠮᠣᠩᠭᠤᠯ ᠤᠨ ᠪᠣᠬᠢᠷᠲᠤᠯ ᠦᠭᠡᠢ | ᠬᠥᠭᠵᠢᠯᠲᠡ ᠶᠢᠨ ᠵᠢᠱᠢᠶ᠎ᠡ ᠪᠣᠯᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠰᠦᠯᠵᠢᠶ᠎ᠡ ᠪᠠᠷ | ᠬᠤᠯᠪᠤᠨ ᠳᠡᠯᠭᠡᠨ ᠦᠵᠡᠭᠦᠯᠵᠡᠢ︔ ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠮᠵᠢᠶ᠎ᠠ ᠶᠢᠨ ᠪᠠᠶᠢᠭᠤᠯᠤᠮᠵᠢ ᠵᠢᠴᠢ ᠠᠵᠤ ᠠᠬᠤᠶᠢᠯᠠᠯ | ᠬᠠᠮᠲᠤ ᠪᠠᠷ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠤᠯᠠᠨ ᠤᠯᠤᠰ ᠤᠨ ᠪᠠᠷᠢᠮᠵᠢᠶ᠎ᠠ ᠶᠢᠨ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠦᠭᠡᠢ | ᠠᠷᠠᠯᠵᠢᠶᠠᠨ ᠤ ᠣᠷᠳᠣᠰ ᠤᠨ ᠠᠵᠢᠯᠯᠠᠭ᠎ᠠ ᠶᠢ ᠡᠬᠢᠯᠡᠭᠦᠯᠪᠡ᠃ | |