ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2023/10/30
      — ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠨᠠᠢᠮᠠᠨᠲᠠ ᠥᠭᠦᠯᠡᠬᠦ ᠨᠢ      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠵᠦ ᠲᠣᠳᠣᠷᠬᠠᠶ ᠳᠤᠷᠠᠳᠴᠠᠶ᠃ ᠥᠪᠥᠷ ᠮᠣᠩᠭᠤᠯ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠤᠭᠰᠠᠨ ᠤ ᠬᠤᠪᠢ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠭᠡᠬᠦ ᠡᠨᠡ ᠬᠦ ᠤᠯᠠᠭᠠᠨ ᠱᠤᠭᠤᠮ ᠢ ᠰᠠᠶᠢᠲᠤᠷ ᠰᠠᠬᠢᠪᠠᠯ ᠳᠠᠷᠤᠶ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ ᠪᠠ ᠠᠷᠠᠳ ᠲᠦᠮᠡᠨ ᠤ ᠵᠣᠯ ᠵᠢᠷᠭᠠᠯ ᠢ ᠪᠠᠲᠤ ᠰᠠᠬᠢᠵᠤ ᠴᠢᠳᠠᠨ᠎ᠠ᠃      ᠥᠪᠥᠷ ᠮᠣᠩᠭᠤᠯ ᠪᠣᠯ ᠮᠠᠨ ᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠠᠶᠢᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠪᠣᠳᠠᠲᠠᠶ ᠬᠢᠵᠦ᠂ ᠥᠪᠥᠷ ᠮᠣᠩᠭᠤᠯ ᠶᠠᠮᠠᠷᠪᠠ ᠴᠠᠭ ᠶᠠᠮᠠᠷᠪᠠ ᠪᠠᠶᠢᠳᠠᠯ ᠳᠤᠤᠷ᠎ᠠ ᠴᠤ ᠭᠡᠰᠡᠨ ᠬᠠᠰᠢ ᠶᠠᠰᠢ ᠪᠠᠶᠢᠵᠤ ᠪᠣᠯᠬᠤ ᠥᠬᠡᠶ᠂ ᠭᠤᠶᠢᠪᠢᠯᠵᠠᠵᠤ ᠪᠣᠯᠬᠤ ᠥᠬᠡᠶ᠃ ᠪᠢᠳᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠴᠦ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ᠃       ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠪᠣᠯᠤᠨ᠎ᠠ᠂ ᠪᠠᠰᠠ ᠴᠤ ᠥᠪᠥᠷ ᠮᠣᠩᠭᠤᠯ ᠤᠨ ᠦᠩᠭᠡᠷᠡᠭᠰᠡᠨ ᠲᠠᠢ ᠪᠠᠨ ᠠᠳᠠᠯᠢ ᠬᠤᠪᠢᠷᠠᠰᠢ ᠦᠭᠡᠢ ᠬᠥᠭᠡᠭᠡᠴᠡᠯᠳᠦᠯ ᠪᠣᠯᠤᠨ᠎ᠠ᠃ ᠪᠢᠳᠡ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠵᠢᠯ ᠣᠯᠭᠤᠯᠳᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠥᠷᠨᠢᠭᠦᠯᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠭᠤᠤᠯᠳᠠᠯᠭ᠎ᠠ ᠲᠠᠢ ᠢᠨᠵᠧᠨᠧᠷᠢᠩ ᠪᠠ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠶᠢ ᠣᠯᠭᠤᠬᠤ ᠬᠠᠷᠢᠴᠠᠯ ᠢ ᠵᠣᠬᠢᠰᠲᠠᠶ ᠳᠡᠭᠡᠭᠰᠢᠯᠡᠭᠦᠯᠬᠦ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠦᠴᠢᠷᠳᠡᠯ ᠲᠠᠢ ᠬᠥᠮᠦᠰ ᠲᠤ ᠠᠵᠢᠯ ᠣᠯᠭᠤᠬᠤ ᠬᠠᠪᠰᠤᠷᠤᠯᠭ᠎ᠠ ᠳᠡᠮᠵᠢᠯᠭᠡ ᠶᠢ ᠴᠢᠩᠭᠠᠳᠬᠠᠨ᠂ ᠣᠷᠣᠯᠭ᠎ᠠ ᠪᠠᠭᠠᠲᠠᠢ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢ ᠥᠷᠭᠡᠳᠭᠡᠨ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠬᠦ ᠬᠡᠷᠡᠭᠳᠡᠢ᠃       ᠣᠯᠠᠨ ᠨᠡᠶᠢᠲᠡ ᠶᠢᠨ ᠦᠢᠯᠡᠴᠢᠯᠡᠭᠡ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠭᠢᠯ ᠢ ᠬᠤᠯᠪᠣᠵᠤ ᠪᠠᠶᠢᠳᠠᠭ᠃ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ᠂ ᠪᠢᠳᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃ ᠥᠪᠥᠷ ᠮᠣᠩᠭᠤᠯ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠣᠯᠤᠨ ᠠᠰᠫᠢᠷᠠᠨᠲ ᠢ ᠬᠥᠮᠦᠵᠢᠭᠦᠯᠬᠦ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠵᠤ᠂ ᠥᠪᠥᠷ ᠮᠣᠩᠭᠤᠯ ᠤᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠪᠣᠯᠤᠨ ᠵᠢᠩᠬᠢᠨᠢ ᠠᠩᠭᠢ ᠶᠢᠨ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠨᠢᠭᠲᠠᠷᠬᠠᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢ ᠲᠦᠷᠭᠡᠳᠭᠡᠨ ᠪᠠᠶᠢᠭᠤᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠪᠠ ᠴᠢᠳᠠᠪᠤᠷᠢ ᠪᠠᠨ ᠥᠷᠭᠡᠳᠭᠡᠨ ᠳᠡᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠬᠦ ᠬᠡᠷᠡᠭᠳᠡᠢ᠃ ᠬᠡᠰᠡᠭ ᠭᠠᠵᠠᠷ ᠣᠷᠣᠨ ᠤ ᠤᠤᠯ ᠤᠨ ᠭᠠᠵᠠᠷ ᠰᠢᠷᠦᠢ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠠᠰ ᠲᠤᠨᠢ ᠪᠠᠶᠢᠭᠤᠯᠬᠤ ᠳᠦᠷᠢᠮ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠭᠡᠬᠦ ᠠᠷᠭ᠎ᠠ ᠬᠡᠮᠵᠢᠶ᠎ᠡ ᠶᠢ ᠰᠦᠪᠡᠭᠴᠢᠯᠡᠬᠦ ᠬᠡᠷᠡᠭᠳᠡᠢ᠃       ᠬᠢᠯᠢ ᠬᠢᠵᠠᠭᠠᠷ ᠬᠥᠭᠵᠢᠪᠡᠯ ᠬᠢᠯᠢ ᠬᠢᠵᠠᠭᠠᠷ ᠲᠣᠭᠲᠠᠭᠤᠨ ᠪᠠᠶᠢᠵᠤ᠂ ᠬᠢᠯᠢ ᠶᠢᠨ ᠠᠷᠠᠳ ᠪᠠᠶᠠᠵᠢᠪᠠᠯ ᠬᠢᠯᠢ ᠶᠢᠨ ᠬᠠᠮᠠᠭᠠᠯᠠᠯᠲᠠ ᠪᠠᠬᠢᠵᠢᠨ᠎ᠡ᠃ ᠥᠪᠥᠷ ᠮᠣᠩᠭᠤᠯ ᠪᠣᠯ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠪᠠ ᠨᠡᠶᠢᠰᠯᠡᠯ ᠤᠨ ︽ᠬᠠᠮᠠᠭᠠᠯᠠᠯᠲᠠ ᠶᠢᠨ ᠭᠤᠤᠯ︾ ᠮᠥᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠬᠢᠯᠢ ᠬᠢᠵᠠᠭᠠᠷ ᠢ ᠰᠠᠬᠢᠬᠤ ᠬᠢᠯᠢ ᠬᠢᠵᠠᠭᠠᠷ ᠢ ᠪᠠᠬᠢᠵᠢᠭᠦᠯᠬᠦ ᠬᠢᠯᠢ ᠬᠢᠵᠠᠭᠠᠷ ᠢ ᠮᠠᠨᠳᠤᠭᠤᠯᠬᠤ ᠶᠢ ᠴᠢᠩᠭᠠᠳᠬᠠᠵᠤ᠂ ᠬᠢᠯᠢ ᠶᠢᠨ ᠵᠠᠩᠭᠢᠯᠠᠭ᠎ᠠ ᠶᠢᠨ ᠴᠡᠭ ᠲᠠᠬᠢ ᠲᠣᠰᠬᠤᠨ ᠪᠠᠯᠭᠠᠰᠤ ᠶᠢᠨ ᠰᠠᠭᠤᠷᠢ ᠲᠦᠬᠦᠭᠡᠷᠦᠮᠵᠢ ᠶᠢᠨ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠢ ᠮᠠᠨᠳᠤᠭᠤᠯᠤᠨ ᠠᠷᠠᠳ ᠢ ᠪᠠᠶᠠᠵᠢᠭᠤᠯᠬᠤ ᠠᠵᠢᠯᠯᠠᠭᠠᠨ ᠤ ᠭᠤᠤᠯ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠦᠨᠵᠡᠭᠡᠶ ᠥᠷᠨᠢᠭᠦᠯᠵᠦ᠂ ᠬᠢᠯᠢ ᠶᠢᠨ ᠠᠷᠠᠳ ᠤᠨ ᠲᠤᠬᠠᠶ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠤᠯᠬᠤ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠶ᠃ ᠬᠢᠯᠢ ᠶᠢᠨ ︽ᠳᠥᠷᠪᠡᠨ ᠬᠠᠮᠲᠤ ᠪᠠᠷ︾ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠨ᠂ ︽ᠠᠮᠤᠷ ᠠᠮᠤᠭᠤᠯᠠᠩ ᠤᠮᠠᠷᠠᠲᠤ ᠬᠢᠯᠢ᠂ ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃       ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ᠃ ᠤᠷᠢᠳ ᠢᠶᠠᠷ ᠬᠥᠳᠡᠯᠬᠦ ᠰᠢᠲᠠᠷ᠎ᠠ ᠶᠢ ᠰᠠᠶᠢᠲᠤᠷ ᠲᠠᠯᠪᠢᠵᠦ᠂ ᠰᠠᠨᠠᠭᠠᠴᠢᠯᠠᠭᠠᠲᠤ ᠲᠠᠶᠢᠨ ᠢ ᠰᠠᠶᠢᠲᠤᠷ ᠬᠢᠵᠦ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠵᠡᠷᠭᠡ ᠢᠨᠵᠧᠨᠧᠷᠢᠩ ᠢ ᠦᠨᠡᠨ ᠬᠦ ᠬᠡᠷᠡᠭᠵᠢᠭᠦᠯᠵᠦ᠂ ᠳᠤᠮᠳᠠ ᠪᠠᠭ᠎ᠠ ᠪᠠᠩᠬᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ᠂ ᠬᠦᠷᠦᠩᠬᠡ ᠶᠢ ᠨᠥᠬᠦᠪᠥᠷᠢᠯᠡᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠠᠬᠢᠭᠤᠯᠵᠤ᠂ ᠣᠷᠣᠨ ᠨᠤᠲᠤᠭ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠵᠤ᠂ ᠡᠯ᠎ᠡ ᠵᠦᠢᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠢ ᠪᠦᠲᠦᠮᠵᠢᠲᠡᠢ ᠰᠡᠷᠭᠡᠶᠢᠯᠡᠬᠦ ᠵᠡᠷᠭᠡ ᠠᠯᠢ ᠤᠯᠠᠨ ᠠᠵᠢᠯ ᠢ ᠰᠠᠶᠢᠲᠤᠷ ᠬᠢᠵᠦ ᠪᠣᠳᠠᠲᠠᠶᠢᠵᠢᠭᠤᠯᠬᠤ ᠬᠡᠷᠡᠭᠲᠡᠢ᠃       ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠪᠣᠯ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠪᠣᠯᠬᠤ ᠮᠥᠷᠲᠡᠭᠡᠨ ᠪᠠᠰᠠ ᠬᠥᠭᠵᠢᠯᠲᠡ ᠶᠢᠨ ᠰᠠᠭᠤᠷᠢ ᠪᠣᠯᠤᠨ᠎ᠠ᠃ ᠪᠢᠳᠡ ᠨᠠᠩ ᠯᠠᠪᠳᠠᠭᠤᠨ ᠪᠠᠲᠤᠲᠠᠶ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠡᠨᠡ ᠬᠦ ᠤᠯᠠᠭᠠᠨ ᠱᠤᠭᠤᠮ ᠢ ᠪᠠᠲᠤ ᠰᠠᠬᠢᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠣᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃      
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ