ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ ᠠᠴᠠ ᠤᠶᠢᠯᠠᠭᠠᠭᠰᠠᠨ ᠢᠶᠠᠷ᠂ ᠡᠨᠡ | ᠵᠢᠯ ᠤᠨ ᠲᠦᠷᠦᠬᠦᠤ ᠭᠤᠷᠪᠠᠨ ᠤᠯᠠᠷᠢᠯ ᠳᠤ ᠮᠠᠨ ᠤ ᠣᠷᠣᠨ ᠨᠡᠶᠢᠲᠡ 135.64 ᠳ᠋ᠦᠩᠰᠢᠭᠤᠷ ᠲᠥᠭᠦᠷᠢᠭ ᠤᠨ | ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠶᠢᠨ 67. | 8% ᠶᠢ ᠡᠵᠡᠯᠡᠨ᠂ ᠪᠡᠯᠡ ᠤᠷᠤᠭᠤᠯᠤᠯᠲᠠ ᠶᠢᠨ ᠬᠡᠮᠵᠢᠶ᠎ᠠ ᠨᠢ ᠨᠢᠳᠤᠨᠤᠨ ᠤ ᠪᠦᠬᠦ ᠵᠢᠯ ᠤᠨ ᠪᠡᠯᠡ | ᠤᠷᠤᠭᠤᠯᠤᠯᠲᠠ ᠶᠢᠨ ᠶᠡᠷᠤᠩᠬᠡᠢ ᠬᠡᠮᠵᠢᠶ᠎ᠠ ᠲᠠᠢ ᠦᠨᠳᠦᠰᠦᠨ ᠳᠡᠭᠡᠨ ᠲᠡᠩᠴᠡᠪᠠ᠃ | ᠤᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠤᠷᠤᠨ ᠲᠦᠪ ᠤᠨ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢ ᠴᠢᠷᠮᠠᠶᠢᠨ ᠣᠯᠬᠤ ᠶᠢᠨ ᠬᠠᠮᠲᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠭᠡᠭᠡᠯᠲᠡ ᠶᠢᠨ ᠴᠢᠨᠠᠷᠲᠠᠶ | ᠮᠥᠩᠭᠦᠨ ᠭᠦᠢᠯᠭᠡᠭᠡᠨ ᠤ ᠪᠠᠭᠠᠵᠢ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠤᠯᠤᠨ ᠨᠡᠶᠢᠭᠡᠮ ᠤᠨ | ᠬᠥᠷᠥᠩᠭᠡ ᠶᠢ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠪᠠ | ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠷᠤᠨ ᠢᠶᠠᠷ ᠢᠶᠠᠨ ᠲᠥᠪ ᠤᠨ ᠪᠡᠯᠡ ᠣᠷᠣᠭᠤᠯᠤᠯᠲᠠ ᠶᠢᠨ | ᠲᠥᠯᠥᠪᠯᠡᠭᠡ ᠶᠢ ᠨᠡᠶᠢᠲᠡ 44.76 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠣᠯᠤᠨ | ᠠᠶᠢᠮᠠᠭ ᠬᠤᠲᠠ᠂ ᠬᠤᠰᠢᠭᠤ ᠰᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠨᠡᠶᠢᠳᠡ 41.21 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 34.9% ᠪᠠᠷ ᠨᠡᠮᠡᠭᠳᠡᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ ᠪᠣᠯᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠨᠡᠶᠢᠳᠡ 27.32 | ᠳ᠋ᠦᠩᠰᠢᠭᠤᠷ ᠲᠥᠭᠦᠷᠢᠭ ᠠᠰᠢᠭᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠭᠰᠡᠨ | ᠪᠠᠶᠢᠨ᠎ᠠ᠃ | |