ᠪᠤᠶᠢᠵᠢᠯᠳᠠ ᠶᠢᠨ ᠦᠬᠡᠷ ᠢ ᠬᠡᠷᠬᠢᠨ ᠲᠡᠵᠢᠭᠡᠬᠦ ᠪᠤᠢ
ᠨᠡᠶᠢᠲᠡᠯᠡᠭᠰᠡᠨ ᠴᠠᠭ᠄
2023/10/30
      ᠪᠤᠶᠢᠵᠢᠯᠳᠠ ᠶᠢᠨ ᠦᠬᠡᠷ ᠭᠡᠳᠡᠭ ᠨᠢ ᠶᠡᠷᠦ ᠳᠡᠭᠡᠨ 7 ᠰᠠᠷ᠎ᠠ ᠠᠴᠠ ᠠᠩᠬ᠎ᠠ ᠬᠡᠭᠡᠯᠲᠦᠭᠦᠯᠬᠦ ᠬᠤᠭᠤᠴᠠᠭᠠᠨ ᠤ ᠬᠤᠭᠤᠷᠤᠨᠳᠤᠬᠢ ᠰᠠᠭᠠᠯᠢ ᠶᠢᠨ ᠦᠨᠢᠶ᠎ᠡ ᠶᠢ ᠵᠢᠭᠠᠵᠤ ᠪᠠᠶᠢᠨ᠎ᠠ᠃ ᠲᠡᠵᠢᠭᠡᠪᠦᠷᠢ ᠶᠢᠨ ᠬᠠᠮᠢᠶᠠᠷᠤᠯᠲᠠ ᠶᠢᠨ ᠭᠤᠣᠯᠳᠠᠯᠭ᠎ᠠ ᠨᠢ᠄       ᠬᠤᠨᠤᠭ ᠤᠨ ᠲᠡᠵᠢᠭᠡᠯ ᠢ ᠪᠦᠳᠦᠭᠦᠯᠢᠭ ᠪᠣᠷᠳᠤᠭ᠎ᠠ ᠪᠠᠷ ᠭᠤᠣᠯᠯᠠᠵᠤ᠂ ᠨᠠᠷᠢᠯᠢᠭ ᠪᠦᠳᠦᠭᠦᠯᠢᠭ ᠪᠣᠷᠳᠤᠭ᠎ᠠ ᠶᠢ ᠲᠣᠬᠢᠷᠠᠭᠤᠯᠤᠨ᠂ ᠪᠦᠳᠦᠭᠦᠯᠢᠭ ᠪᠣᠷᠳᠤᠭ᠎ᠠ ᠶᠢ ᠳᠤᠷ᠎ᠠ ᠪᠠᠷ ᠢᠶᠠᠨ ᠢᠳᠡᠵᠦ᠂ ᠬᠠᠭᠤᠷᠠᠢ ᠪᠣᠳᠠᠰ ᠤᠨ ᠢᠳᠡᠰᠢᠯᠡᠬᠦ ᠬᠡᠮᠵᠢᠶ᠎ᠡ ᠶᠢ 7.8 ᠺᠢᠯᠣᠭ᠍ᠷᠠᠮ ᠳᠤ ᠬᠦᠷᠭᠡᠵᠦ᠂ ᠤᠭᠤᠷᠠᠭ ᠤᠨ ᠬᠡᠮᠵᠢᠶ᠎ᠡ ᠶᠢ 13 — 14 ᠳᠤ ᠬᠦᠷᠭᠡᠵᠦ᠂ ᠨᠠᠷᠢᠯᠢᠭ ᠪᠣᠷᠳᠤᠭ᠎ᠠ ᠶᠢ ᠡᠳᠦᠷ ᠲᠤ 2 — 2.5 ᠺᠢᠯᠣᠭ᠍ᠷᠠᠮ ᠳᠤ ᠬᠦᠷᠭᠡᠨ᠎ᠡ᠃ ᠪᠦᠳᠦᠭᠦᠯᠢᠭ ᠪᠣᠷᠳᠣᠭᠠᠨ ᠳᠤ ᠳᠤᠮᠳᠠ ᠵᠡᠷᠭᠡ ᠶᠢᠨ ᠴᠢᠨᠠᠷ ᠴᠢᠨᠰᠠᠭ᠎ᠠ ᠲᠠᠢ ᠬᠠᠭᠤᠷᠠᠢ ᠡᠪᠡᠰᠦ ᠶᠢ ᠰᠣᠩᠭᠤᠨ ᠬᠡᠷᠡᠭᠯᠡᠵᠦ᠂ ᠪᠦᠳᠦᠭᠦᠯᠢᠭ ᠪᠣᠷᠳᠣᠭᠠᠨ ᠳᠤ ᠲᠡᠰᠪᠦᠷᠢᠲᠡᠢ ᠴᠢᠳᠠᠪᠤᠷᠢ ᠶᠢ ᠨᠢ ᠪᠤᠶᠢᠵᠢᠭᠤᠯᠤᠨ᠂ ᠭᠦᠵᠡᠭᠡᠨ ᠤ ᠠᠵᠢᠯᠯᠠᠭ᠎ᠠ ᠶᠢ ᠨᠢ ᠨᠡᠮᠡᠭᠳᠡᠭᠦᠯᠪᠡᠯ ᠬᠠᠮᠤᠭ ᠰᠠᠶᠢᠨ᠃ ᠰᠤᠯᠠ ᠠᠷᠠᠴᠢᠯᠠᠵᠤ᠂ ᠴᠢᠯᠦᠭᠡᠲᠡᠢ ᠢᠳᠡᠰᠢᠯᠡᠭᠦᠯᠬᠦ ᠠᠷᠭ᠎ᠠ ᠶᠢ ᠬᠡᠷᠡᠭᠯᠡᠨ᠎ᠡ᠃ ᠪᠡᠶ᠎ᠡ ᠶᠢᠨ ᠬᠦᠨᠳᠦ᠂ ᠪᠡᠶ᠎ᠡ ᠶᠢᠨ ᠬᠡᠮᠵᠢᠶ᠎ᠡ ᠶᠢ ᠰᠠᠶᠢᠲᠤᠷ ᠬᠡᠮᠵᠢᠬᠦ ᠶᠢᠨ ᠬᠠᠮᠲᠤ ᠣᠷᠤᠭ᠎ᠠ ᠣᠷᠣᠬᠤ ᠶᠢ ᠲᠡᠮᠳᠡᠭᠯᠡᠬᠦ ᠪᠠ ᠬᠡᠭᠡᠯᠲᠦᠭᠦᠯᠬᠦ ᠶᠢ ᠠᠩᠬᠠᠷᠬᠤ ᠬᠡᠷᠡᠭᠲᠡᠢ᠃ ᠾᠧᠰᠲ᠋ᠠᠨ ᠰᠠᠭᠠᠯᠢ ᠶᠢᠨ ᠦᠨᠢᠶᠡᠨ ᠤ ᠠᠩᠬᠠᠨ ᠤ ᠬᠡᠭᠡᠯᠲᠦᠭᠦᠯᠭᠡ ᠶᠢᠨ ᠪᠠᠷᠢᠮᠵᠢᠶ᠎ᠠ ᠴᠠᠭ ᠨᠢ 15 ᠰᠠᠷ᠎ᠠ᠂ ᠪᠡᠶ᠎ᠡ ᠶᠢᠨ ᠬᠦᠨᠳᠦ ᠨᠢ 380 ᠺᠢᠯᠣᠭ᠍ᠷᠠᠮ ᠢ ᠳᠠᠪᠠᠵᠤ᠂ ᠪᠡᠶ᠎ᠡ ᠶᠢᠨ ᠪᠠᠶᠢᠳᠠᠯ ᠤᠨ ᠦᠨᠡᠯᠡᠯᠲᠡ ᠨᠢ 3. 0 — 3.5 ᠬᠤᠪᠢ ᠪᠠᠶᠢᠬᠤ ᠬᠡᠷᠡᠭᠲᠡᠢ᠃ ᠪᠤᠶᠢᠵᠢᠯᠳᠠ ᠶᠢᠨ ᠦᠬᠡᠷ ᠤᠨ ᠬᠠᠮᠢᠶᠠᠷᠤᠯᠲᠠ ᠶᠢᠨ ᠭᠤᠣᠯᠳᠠᠯᠭ᠎ᠠ ᠨᠢ ᠣᠷᠤᠭ᠎ᠠ ᠣᠷᠣᠬᠤ ᠶᠢᠨ ᠬᠢᠨᠠᠨ ᠲᠣᠭᠲᠠᠭᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠬᠡᠭᠡᠯᠲᠦᠭᠦᠯᠬᠦ ᠳᠤ ᠪᠣᠶ᠃  
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ