ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠠᠮ ᠲᠡᠭᠡᠷ᠎ᠠ ᠤᠷᠳᠤᠰ ᠴᠤᠴᠠᠯᠲᠠ ᠦᠭᠡᠢ ᠤᠷᠤᠭᠰᠢᠯᠠᠨ᠎ᠠ
ᠨᠡᠶᠢᠲᠡᠯᠡᠭᠰᠡᠨ ᠴᠠᠭ᠄
2023/10/31
      ᠪᠤᠬᠢᠷᠳᠤᠯ ᠦᠭᠡᠢ ᠵᠡᠭᠦᠳᠦ ᠶᠢ ᠬᠠᠮᠲᠤ ᠪᠠᠷ ᠲᠡᠷᠭᠡᠯᠰᠢᠭᠦᠯᠵᠦ᠂ ᠦᠪᠡᠳᠡᠭᠰᠢ ᠴᠤᠭᠯᠠᠭᠠᠨ ᠢ ᠬᠠᠮᠲᠤ ᠪᠠᠷ ᠡᠷᠬᠢᠯᠡᠨ᠎ᠡ᠃ ᠤᠶᠢᠷ᠎ᠠ ᠳᠤ᠂ 2023 ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠡᠵᠤ ᠦᠢᠯᠡᠰ ᠤᠨ ᠬᠤᠷᠠᠯ ᠬᠤᠷᠠᠯᠳᠤᠵᠤ᠂ ᠡᠷᠳᠡᠮᠲᠡᠨ ᠮᠡᠷᠭᠡᠳ ᠬᠤᠷᠠᠨ ᠴᠤᠭᠯᠠᠷᠠᠵᠦ᠂ ᠪᠣᠬᠢᠷᠲᠤᠯ ᠥᠬᠡᠶ ᠬᠥᠭᠵᠢᠯᠲᠡ ᠶᠢ ᠬᠠᠮᠲᠤ ᠪᠠᠷ ᠵᠥᠪᠯᠡᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠪᠠ᠃      ᠡᠨᠧᠷᠭᠢ ᠶᠢᠨ ᠲᠣᠮᠣ ᠬᠤᠲᠠ᠂ ᠠᠵᠤ ᠦᠢᠯᠡᠰ ᠤᠨ ᠬᠦᠴᠦᠷᠬᠡᠭ ᠬᠤᠲᠠ᠂ ᠰᠣᠶᠣᠯ ᠤᠨ ᠨᠡᠷᠡᠲᠦ ᠬᠤᠲᠠ᠂ ᠠᠮᠢ ᠠᠬᠤᠶ ᠶᠢᠨ ᠪᠤᠬᠢᠷᠳᠤᠯ ᠦᠭᠡᠢ ᠬᠤᠲᠠ᠂ ᠪᠣᠯᠪᠠᠰᠤᠨ ᠰᠠᠶᠢᠬᠠᠨ ᠣᠷᠣᠨ ᠨᠤᠳᠤᠭ ᠪᠣᠯᠤᠭᠰᠠᠨ ᠤ ᠬᠤᠪᠢ ᠳᠤ ᠣᠷᠳᠣᠰ᠂ ᠣᠳᠣᠬᠠᠨ ᠳᠤ ᠶᠠᠭ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠪᠠᠶᠢᠨ᠎ᠠ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠦᠭᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠶᠤᠸᠠᠨ ᠵᠢᠩ᠂ ᠯᠦᠩ ᠵᠢᠶ᠂ ᠵᠢᠩ ᠤᠣ ᠵᠡᠷᠭᠡ ᠨᠢᠭᠡ ᠪᠦᠯᠦᠭ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠤᠨ᠂ ︽ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠲᠡᠷᠭᠡ︾  ᠶᠢᠨ ᠲᠠᠪᠤᠨ ᠶᠡᠭᠡ ᠠᠵᠤ ᠦᠢᠯᠡᠰ ᠤᠨ ᠰᠦᠷᠦᠭᠵᠢᠯ ᠢ ᠪᠠᠶᠢᠭᠤᠯᠵᠦ᠂ ᠡᠬᠢ ᠡᠭᠦᠰᠦᠯ ᠤᠨ ᠪᠤᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠪᠠᠷ ᠰᠠᠭᠤᠷᠢ ᠪᠣᠯᠭᠠᠵᠤ᠂ ᠣᠷᠣᠨ ᠪᠦᠰᠡ ᠶᠢᠨ ᠪᠤᠬᠢᠷᠳᠤᠯ ᠦᠭᠡᠢ ᠴᠠᠬᠢᠯᠭᠠᠨ ᠪᠢᠴᠢᠯ ᠴᠠᠬᠢᠯᠭᠠᠨ ᠤ ᠲᠣᠣᠷ ᠤᠨ ᠰᠢᠨ᠎ᠡ ᠮᠠᠶ᠋ᠢᠭ ᠤᠨ ᠴᠠᠬᠢᠯᠭᠠᠨ ᠬᠦᠴᠦᠨ ᠤ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠢᠮᠵᠢᠶ᠎ᠠ ᠶᠢ ᠵᠢᠩᠬᠢᠨᠢ ᠪᠠᠷ ᠨᠡᠶᠢᠲᠡᠯᠡᠨ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠡᠵᠤ ᠦᠢᠯᠡᠰ ᠤᠨ ᠬᠦᠷᠢᠶᠡᠯᠡᠩ ᠤᠨ ᠵᠠᠭᠪᠤᠷ ᠢ ᠭᠠᠳᠠᠭᠠᠳᠤ ᠳᠤ ᠭᠠᠷᠭᠠᠵᠦ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠤᠭᠳᠠᠯᠴᠠᠭ᠎ᠠ ᠶᠢᠨ ᠰᠢᠨ᠎ᠡ ᠬᠡᠪ ᠵᠠᠭᠪᠤᠷ ᠪᠤᠯᠵᠤ᠂ ᠤᠳᠤ ᠶᠠᠭ ᠤᠷᠢᠳ ᠢᠶᠠᠷ ᠬᠡᠷᠡᠭᠵᠢᠭᠦᠯᠦᠭᠴᠢ ᠶᠢᠨ ᠳᠦᠷᠢ ᠲᠦᠷᠭᠦ ᠪᠠᠷ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠬᠥᠭᠵᠢᠯᠲᠡ ᠪᠠ ᠢᠷᠡᠭᠡᠳᠦᠢ ᠶᠢᠨ ᠰᠢᠨ᠎ᠡ ᠵᠠᠮ ᠢ ᠨᠡᠭᠡᠭᠡᠨ᠂ ᠳᠡᠯᠡᠬᠡᠢ ᠶᠢᠨ ᠪᠣᠬᠢᠷᠲᠤᠯ ᠦᠭᠡᠢ ᠬᠥᠭᠵᠢᠯᠲᠡ ᠳᠤ ︽ᠳᠤᠮᠳᠠᠳᠤ ᠤᠯᠤᠰ ᠤᠨ ᠲᠥᠰᠦᠯ︾ ᠢ ᠬᠠᠩᠭᠠᠵᠠᠢ᠃      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠶᠢᠷ᠎ᠠ ᠳᠤ ᠨᠡᠶᠢᠲᠡᠯᠡᠭᠰᠡᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠳᠤ᠂ ᠥᠪᠥᠷ ᠮᠣᠩᠭᠤᠯ ᠤᠨ ︽ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ︾᠂ ︽ᠲᠣᠮᠣ ᠬᠡᠯᠪᠡᠷᠢ ᠶᠢᠨ ᠰᠠᠯᠬᠢᠨ ᠤ ᠬᠦᠴᠦᠨ ᠤ ᠴᠠᠬᠢᠯᠭᠠᠨ ᠬᠡᠷᠡᠯ ᠸᠣᠯᠲ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾᠂ ︽ᠤᠯᠤᠰ ᠤᠨ ᠲᠠᠰ ᠤᠨ ᠰᠢᠨ᠎ᠡ ᠡᠨᠧᠷᠭᠢ ᠶᠢᠨ ᠲᠤᠨᠤᠭᠯᠠᠯ ᠦᠢᠯᠡᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ︾᠂ ︽ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠬᠤ︾᠂ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠦᠭᠡᠷᠬᠦ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠷᠳᠣᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠤᠷᠢᠳ ᠡᠮᠦᠨ᠎ᠡ ᠪᠠᠶᠢᠭ᠎ᠠ ᠥᠬᠡᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠪᠴᠢᠷᠠᠵᠤ ᠥᠭᠭᠦᠭᠰᠡᠨ ᠪᠥᠭᠡᠳ ᠣᠷᠳᠣᠰ ᠤᠨ ᠨᠡᠭᠦᠷᠡᠰᠦᠲᠥ᠋ᠷᠥᠭᠴᠢ ᠲᠤᠮᠤ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠵᠠᠮ ᠳᠠᠬᠢ ᠪᠠᠰᠠ ᠨᠢᠭᠡ ᠤᠳᠠᠭᠠᠨ ᠤ ᠤᠷᠤᠭᠰᠢᠯᠠᠯᠲᠠ ᠶᠢ ᠪᠡᠶᠡᠯᠡᠭᠦᠯᠪᠠ᠃      ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠪᠣᠯᠤᠨ ᠬᠦᠰᠡᠯ ᠡᠷᠡᠮᠡᠯᠵᠡᠯ ᠢ ᠨᠢᠭᠡᠨᠲᠡ ᠵᠢᠷᠤᠭᠯᠠᠵᠤ᠂ ᠣᠷᠳᠣᠰ ᠦᠷᠭᠦᠯᠵᠢᠯᠡᠨ ︽ᠨᠡᠭᠦᠷᠡᠰᠦᠲᠥ᠋ᠷᠥᠭᠴᠢ︾ ᠪᠠᠷ ᠬᠥᠭᠵᠢᠯᠲᠡ ᠶᠢ ᠡᠷᠢᠯᠬᠢᠯᠡᠨ᠂ ︽ᠨᠡᠭᠦᠷᠡᠰᠦᠲᠥ᠋ᠷᠥᠭᠴᠢ︾ ᠪᠠᠷ ᠰᠢᠨ᠎ᠡ ᠶᠢ ᠡᠭᠦᠳᠴᠦ᠂ ︽ᠨᠡᠭᠦᠷᠡᠰᠦᠲᠥ᠋ᠷᠥᠭᠴᠢ︾ ᠪᠠᠷ ᠢᠷᠡᠭᠡᠳᠦᠶ ᠪᠠᠨ ᠡᠷᠢᠯᠬᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠷᠳᠣᠰ ᠢᠶᠠᠨ ᠰᠢᠨ᠎ᠡ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠭᠤᠯᠤᠮᠳᠠ ᠪᠣᠯᠭᠠᠨ ᠪᠥᠲᠥᠭᠡᠨ ᠪᠠᠶᠢᠭᠤᠯᠵᠤ᠂ ︽ᠳᠤᠮᠳᠠᠳᠤ ᠤᠯᠤᠰ ᠤᠨ ᠬᠡᠪ ᠳᠠᠭᠤᠷᠢᠶᠠᠯ᠂ ᠳᠡᠯᠡᠬᠡᠶ ᠶᠢᠨ ᠦᠯᠢᠭᠡᠷ ᠵᠢᠱᠢᠶ᠎ᠡ︾ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠪᠣᠯᠭᠠᠨ ᠪᠥᠲᠥᠭᠡᠨ ᠪᠠᠶᠢᠭᠤᠯᠵᠤ᠂ ᠦᠷᠭᠦᠯᠵᠢᠯᠡᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠢᠶᠠᠷ ᠬᠦᠴᠦᠯᠠᠨ ᠤᠷᠤᠭᠰᠢᠯᠠᠵᠤ᠂ ᠡᠮᠦᠨ᠎ᠡ ᠡᠩᠨᠡᠭᠡᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠤᠯᠭᠠᠭᠤᠷᠢᠯᠠᠭᠴᠢ᠂ ᠳᠠᠭᠠᠭᠤᠯᠤᠭᠴᠢ ᠪᠣᠯᠵᠣ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠬᠤᠰᠢᠭᠤᠴᠢ᠂ ᠳᠠᠭᠤᠷᠢᠶᠠᠯ ᠦᠵᠡᠭᠦᠯᠦᠭᠴᠢ ᠪᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃       ᠲᠤᠰ ᠤᠳᠠᠭᠠᠨ ᠤ ᠶᠡᠭᠡ ᠬᠤᠷᠠᠯ ᠢᠶᠠᠷ ᠳᠠᠮᠵᠢᠭᠤᠯᠤᠨ᠂ ᠤᠷᠳᠤᠰ ᠬᠤᠳᠠ ᠶᠢᠨ ᠬᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶ᠎ᠠ ᠴᠠᠷᠠᠭᠠᠨ ᠤ ᠬᠥᠮᠦᠰ ᠲᠠᠢ ᠭᠠᠷ ᠬᠤᠯᠪᠣᠯᠴᠠᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠬᠤ ᠪᠣᠯᠤᠨ᠎ᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ