ᠦᠨᠤᠳᠤᠷ ᠠᠴᠠ ᠡᠬᠢᠯᠡᠨ ᠡᠳᠡᠭᠡᠷ ᠳᠦᠷᠢᠮ ᠨᠢ ᠪᠢᠳᠠᠨ ᠤ ᠠᠮᠢᠳᠤᠷᠠᠯ ᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2023/10/7
     ᠮᠠᠨ ᠤ ᠲᠠᠪᠴᠠᠩ ᠢ ᠲᠠᠭᠠᠯᠠᠨ ᠪᠣᠯᠭᠤᠭᠠᠵᠤ ᠪᠠᠶᠢᠭ᠎ᠠ ᠡᠷᠬᠢᠮ ᠲᠠ ᠪᠦᠬᠦᠨ ᠳᠤ 10 ᠳ᠋ᠤᠭᠠᠷ ᠰᠠᠷ᠎ᠠ ᠠᠴᠠ ᠡᠬᠢᠯᠡᠨ ᠲᠠ ᠪᠢᠳᠠᠨ ᠤ ᠠᠮᠢᠳᠤᠷᠠᠯ ᠢ ᠨᠥᠯᠥᠭᠡᠯᠡᠬᠦ ᠰᠢᠨ᠎ᠡ ᠳᠦᠷᠢᠮ ᠲᠣᠭᠲᠠᠭᠠᠯ ᠤᠳ ᠢ ᠲᠠᠨᠢᠯᠴᠠᠭᠤᠯᠤᠶ᠎ᠠ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠦᠬᠡᠳ ᠨᠢᠯᠬᠠᠰ ᠤᠨ ᠬᠠᠭᠤᠷᠠᠢ ᠰᠦ ᠶᠢᠨ ᠪᠦᠲᠦᠭᠡᠭᠳᠡᠬᠦᠨ ᠤ ᠨᠠᠶᠢᠷᠠᠯᠭ᠎ᠠ ᠶᠢ ᠳᠠᠩᠰᠠᠯᠠᠨ ᠬᠠᠮᠢᠶᠠᠷᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠡᠦᠬᠡᠳ ᠨᠢᠯᠬᠠᠰ ᠤᠨ ᠬᠠᠭᠤᠷᠠᠢ ᠰᠦ ᠶᠢᠨ ᠱᠣᠰᠢᠭ᠎ᠠ ᠲᠡᠮᠳᠡᠭ᠂ ᠲᠠᠶᠢᠯᠪᠤᠷᠢ ᠳᠤ ︽ᠭᠠᠳᠠᠭᠠᠳᠤ ᠠᠴᠠ ᠣᠷᠣᠭᠤᠯᠤᠭᠰᠠᠨ ᠰᠦ ᠪᠠᠷ ᠨᠠᠶᠢᠷᠠᠭᠤᠯᠤᠭᠰᠠᠨ︾ ᠵᠡᠷᠭᠡ ᠪᠠᠯᠠᠷᠬᠠᠢ ᠠᠭᠤᠯᠭ᠎ᠠ ᠶᠢ ᠪᠢᠴᠢᠵᠦ ᠣᠷᠣᠭᠤᠯᠬᠤ ᠶᠢ ᠴᠠᠭᠠᠵᠠᠯᠠᠵᠠᠢ᠃

10.7 服务.png

     ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠲᠦᠷ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ

15 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠰᠢᠨᠵᠢᠯᠡᠬᠦ ᠤᠬᠠᠭᠠᠨ ᠤ ᠲᠥᠷᠥᠯ ᠤᠨ ᠪᠣᠯᠪᠠᠰᠤᠷᠠᠯ ᠢ ᠰᠤᠷᠭᠠᠭᠤᠯᠢ ᠶᠢᠨ ᠭᠠᠳᠠᠨ᠎ᠠ ᠨᠢᠭᠤᠴᠠ ᠪᠠᠷ

ᠬᠡᠯᠪᠡᠷᠢ ᠶᠢ ᠨᠢ ᠬᠤᠪᠢᠷᠠᠭᠤᠯᠵᠤ ᠥᠷᠨᠢᠭᠦᠯᠬᠦ ᠵᠡᠷᠭᠡ ᠠᠵᠢᠯᠯᠠᠭ᠎ᠠ ᠳᠤ ᠴᠣᠬᠢᠯᠲᠠ ᠥᠭᠬᠦ ᠪᠠᠷ ᠪᠣᠯᠵᠠᠢ᠃

     ︽ᠠᠮᠤ ᠬᠦᠨᠡᠰᠦᠨ ᠤ ᠴᠢᠨᠠᠷ ᠤᠨ ᠠᠶᠣᠯᠭᠦᠢ ᠪᠠᠶᠢᠬᠤ ᠶᠢ ᠬᠢᠨᠠᠵᠤ ᠬᠠᠮᠢᠶᠠᠷᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ

ᠬᠡᠷᠡᠭᠵᠢᠭᠦᠯᠦᠨ᠎ᠡ᠃ ᠡᠭᠦᠨ ᠳᠤ ᠠᠮᠤ ᠪᠤᠳᠠᠭ᠎ᠠ ᠡᠵᠡᠩᠨᠡᠭᠴᠢᠳ ᠨᠢ ᠠᠮᠤ ᠬᠦᠨᠡᠰᠦᠨ ᠤ ᠴᠢᠨᠠᠷ ᠤᠨ ᠠᠶᠣᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ

ᠳᠠᠭᠠᠭᠠᠨ᠎ᠠ ᠭᠡᠵᠤ ᠲᠣᠳᠣᠷᠬᠠᠶᠢᠯᠠᠵᠠᠢ᠃

     ︽ᠠᠵᠤ ᠠᠬᠤᠶᠢᠯᠠᠯ ᠤᠨ ᠨᠡᠷᠡᠶᠢᠳᠦᠯᠭᠡ ᠶᠢ ᠳᠠᠩᠰᠠᠯᠠᠨ ᠬᠠᠮᠢᠶᠠᠷᠬᠤ ᠲᠣᠭᠲᠠᠭᠠᠯ ᠢ ᠬᠡᠷᠡᠭᠵᠢᠭᠦᠯᠬᠦ  ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ

 ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠠᠵᠤ ᠠᠬᠤᠶᠢᠯᠠᠯ ᠤᠨ ᠨᠡᠷᠡᠶᠢᠳᠦᠯᠭᠡ ᠶᠢ ᠳᠠᠩᠰᠠᠯᠠᠬᠤ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ

 ᠶᠢᠨ ᠲᠥᠷᠥ ᠶᠢᠨ  ᠪᠣᠳᠣᠯᠭ᠎ᠠ ᠲᠠᠢ ᠬᠤᠯᠪᠣᠭᠳᠠᠬᠤ ᠦᠭᠡ ᠦᠰᠦᠭ ᠢ ᠬᠡᠷᠡᠭᠯᠡᠬᠦ ᠶᠢ ᠴᠠᠭᠠᠵᠠᠯᠠᠭᠰᠠᠨ ᠪᠠᠶᠢᠨ᠎ᠠ᠃

     ︽ᠬᠠᠷᠠᠭ᠎ᠠ ᠰᠣᠨᠣᠷ ᠤᠨ ᠬᠤᠮᠰᠠᠳᠠᠯ ᠲᠠᠢ ᠵᠡᠮᠳᠡᠭᠴᠦᠳ ᠤᠨ ᠨᠡᠶᠢᠲᠡ ᠶᠢᠨ ᠬᠡᠷᠡᠭᠯᠡᠭᠡᠨ ᠤ ᠬᠡᠯᠡ ᠪᠢᠴᠢᠭ ᠤᠨ ᠬᠢᠷᠢ ᠲᠦᠪᠰᠢᠨ ᠤ ᠰᠢᠯᠭᠠᠯᠲᠠ ᠶᠢᠨ

ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠠᠷᠠᠭ᠎ᠠ

ᠰᠣᠨᠣᠷ ᠤᠨ ᠬᠤᠮᠰᠠᠳᠠᠯ ᠲᠠᠢ ᠬᠥᠮᠥᠰ ᠨᠡᠶᠢᠲᠡ ᠶᠢᠨ ᠬᠡᠷᠡᠭᠯᠡᠭᠡᠨ ᠤ ᠬᠡᠯᠡ ᠪᠢᠴᠢᠭ ᠤᠨ ᠬᠢᠷᠢ ᠲᠦᠪᠰᠢᠨ ᠤ ᠰᠢᠯᠭᠠᠯᠲᠠ ᠳᠤ ᠣᠷᠣᠯᠴᠠᠵᠤ ᠪᠣᠯᠣᠨ᠎ᠠ ᠭᠡᠵᠤ

ᠲᠣᠭᠲᠠᠭᠠᠵᠠᠢ᠃

     ︽ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃

ᠡᠭᠦᠨ ᠳᠤ ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠣᠷᠣᠩᠨᠠᠬᠤ ᠭᠠᠵᠠᠷ ᠤᠨ ᠳᠦᠷᠢᠮ ᠢ  ᠪᠠᠶᠢᠭᠤᠯᠤᠭᠰᠠᠨ ᠪᠠᠶᠢᠨ᠎ᠠ᠃

     ︽ᠬᠤᠪᠧᠢ ᠮᠤᠵᠢ ᠶᠢᠨ ᠰᠤᠷᠭᠠᠭᠤᠯᠢ ᠶᠢᠨ ᠣᠶᠢᠷ᠎ᠠ ᠬᠠᠪᠢ ᠶᠢᠨ ᠠᠶᠣᠯᠭᠦᠢ ᠶᠢᠨ ᠣᠷᠣᠨ ᠤ ᠬᠠᠮᠢᠶᠠᠷᠤᠯᠲᠠ ᠶᠢᠨ ᠳᠦᠷᠢᠮ︾ ᠢ 10 ᠳ᠋ᠤᠭᠠᠷ ᠰᠠᠷ᠎ᠠ ᠶᠢᠨ 1

 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠤᠪᠧᠢ ᠮᠤᠵᠢ ᠶᠢᠨ ᠬᠢᠨ ᠰᠤᠷᠭᠠᠭᠤᠯᠢ ᠶᠢᠨ ᠣᠶᠢᠷ᠎ᠠ ᠬᠠᠪᠢ ᠶᠢᠨ 200 ᠮᠧᠲᠷ ᠤᠨ ᠵᠠᠢ ᠳᠤ

ᠠᠶᠣᠯᠭᠦᠢ ᠶᠢᠨ ᠣᠷᠣᠨ ᠭᠠᠷᠭᠠᠨ᠎ᠠ ᠭᠡᠵᠤ ᠲᠣᠭᠲᠠᠵᠠᠢ᠃

      ︽ᠬᠠᠶᠢᠰᠢ ᠶᠢᠨ ᠮᠣᠩᠭᠤᠯ ᠦᠨᠳᠦᠰᠦᠲᠡᠨ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠮᠦᠷᠢ ᠶᠢᠨ ᠠᠭᠤᠯᠠ ᠠᠭᠤᠷᠬᠠᠢ ᠶᠢᠨ ᠣᠷᠣᠨ ᠤ

ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠨᠡ ᠪᠣᠯ

ᠬᠥᠬᠡᠨᠠᠭᠤᠷ ᠮᠤᠵᠢ ᠶᠢᠨ ᠠᠭᠤᠯᠠ ᠠᠭᠤᠷᠬᠠᠢ ᠶᠢᠨ ᠣᠷᠣᠨ ᠤ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠠᠩᠬᠠᠳᠠᠭᠴᠢ ᠳᠦᠷᠢᠮ ᠲᠣᠭᠲᠠᠭᠠᠯ ᠪᠣᠯᠣᠨ᠎ᠠ

    

ᠢᠷᠡᠯᠲᠡ᠄ ᠲᠥᠪ ᠷᠠᠳᠢᠣ᠋ ᠶᠢᠨ ᠮᠡᠳᠡᠭᠡ