ᠨᠢᠭᠡ᠂ ᠮᠡᠷᠭᠡᠵᠢᠯ ᠤᠨ ᠣᠨᠴᠠᠯᠢᠭ | ᠡᠷᠳᠡᠨᠢ ᠰᠢᠰᠢ ᠶᠢᠨ ᠮᠢᠩ ᠡᠷᠪᠡᠬᠡᠢ ᠪᠣᠯ ᠡᠷᠳᠡᠨᠢ ᠰᠢᠰᠢ ᠶᠢᠨ ᠦᠢᠯᠡᠳᠪᠦᠷᠢᠯᠡᠯ ᠢ ᠨᠥᠯᠥᠭᠡᠯᠡᠵᠦ᠂ ᠤᠨᠠᠯᠲᠠ ᠶᠢ ᠨᠢ ᠬᠤᠬᠢᠷᠠᠭᠤᠯᠳᠠᠭ ᠭᠤᠣᠯ ᠬᠥᠨᠥᠭᠡᠯᠳᠦ | ᠰᠢᠪᠠᠵᠢ ᠶᠢᠨ ᠨᠢᠭᠡ ᠮᠥᠨ᠂ ᠥᠷᠥᠮᠳᠡᠵᠦ ᠬᠤᠷᠣᠬᠠᠶᠢᠲᠤᠬᠤ ᠴᠢᠨᠠᠷᠲᠠᠢ ᠬᠤᠣᠷ ᠬᠥᠨᠥᠭᠡᠯ ᠤᠨ ᠣᠨᠴᠠᠯᠢᠭ ᠲᠠᠢ᠂ ᠡᠬᠢᠨ ᠤ ᠦᠶ᠎ᠡ ᠶᠢᠨ ᠠᠪᠠᠭᠠᠯᠳᠠᠢ ᠨᠢ ᠡᠷᠳᠡᠨᠢ | ᠰᠢᠰᠢ ᠶᠢᠨ ᠨᠢᠯᠬ᠎ᠠ ᠨᠠᠪᠴᠢ ᠶᠢ ᠢᠳᠡᠭᠰᠡᠨ ᠠᠴᠠ ᠵᠡᠭᠦᠦ ᠶᠢᠨ ᠰᠦᠪᠡ ᠲᠠᠢ ᠴᠡᠴᠡᠭ ᠤᠨ ᠨᠠᠪᠴᠢ ᠶᠢ ᠪᠣᠶ ᠪᠣᠯᠭᠠᠵᠤ᠂ ᠭᠤᠷᠪᠠᠨ ᠨᠠᠰᠤᠨ ᠤ ᠳᠠᠷᠠᠭ᠎ᠠ ᠡᠷᠳᠡᠨᠢ | ᠰᠢᠰᠢ ᠶᠢᠨ ᠭᠤᠣᠯ ᠡᠰᠢ ᠪᠤᠶᠤ ᠦᠷ᠎ᠡ ᠶᠢᠨ ᠲᠦᠷᠦᠭᠦᠤ ᠶᠢ ᠢᠳᠡᠭᠰᠡᠨ ᠠᠴᠠ ᠡᠷᠳᠡᠨᠢ ᠰᠢᠰᠢ ᠶᠢᠨ ᠤᠨᠠᠯᠲᠠ ᠶᠢ ᠬᠦᠨᠳᠦ ᠨᠣᠴᠢᠲᠠᠢ ᠬᠤᠬᠢᠷᠠᠭᠤᠯᠳᠠᠭ ᠮᠥᠷᠲᠡᠭᠡᠨ | ᠵᠢᠯ ᠲᠤᠷᠰᠢ ᠡᠭᠦᠰᠬᠦ ᠲᠠᠯᠠᠪᠠᠶ ᠨᠢ ᠥᠷᠭᠡᠨ᠂ ᠰᠡᠷᠭᠡᠶᠢᠯᠡᠨ ᠡᠵᠡᠮᠳᠡᠬᠦ ᠳᠤ ᠬᠦᠴᠢᠷ ᠲᠠᠢ ᠪᠠᠶᠢᠳᠠᠭ᠃ ᠣᠯᠠᠨ ᠵᠢᠯ ᠤᠨ ᠦᠢᠯᠡᠳᠪᠦᠷᠢᠯᠡᠯ ᠤᠨ ᠦᠢᠯᠡᠳᠦᠯᠭᠡ | ᠭᠡᠷᠡᠴᠢᠯᠡᠭᠰᠡᠨ ᠨᠢ᠂ ᠤᠯᠠᠭᠠᠨ ᠨᠢᠳᠦᠲᠦ ᠵᠥᠭᠡᠢ ᠲᠠᠯᠪᠢᠪᠡᠯ ᠡᠷᠳᠡᠨᠢ ᠰᠢᠰᠢ ᠶᠢᠨ ᠮᠢᠩ ᠬᠤᠷᠣᠬᠠᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠲᠠᠷᠢᠶᠠᠨ | ᠭᠠᠵᠠᠷ ᠤᠨ ᠬᠤᠷᠣᠬᠠᠢ ᠰᠢᠪᠠᠵᠢ ᠶᠢᠨ ᠨᠣᠷᠮ᠎ᠠ ᠶᠢ ᠪᠦᠲᠦᠮᠵᠢᠲᠡᠶ ᠪᠠᠷ ᠪᠠᠭᠤᠷᠠᠭᠤᠯᠵᠤ ᠴᠢᠳᠠᠨ᠎ᠠ᠂ ᠲᠣᠰ ᠮᠡᠷᠭᠡᠵᠢᠯ ᠨᠢ ᠦᠨ᠎ᠡ ᠬᠢᠮᠳᠠ ᠡᠵᠡᠮᠰᠢᠬᠦ ᠳᠤ ᠬᠢᠯᠪᠠᠷ | ᠣᠨᠴᠠᠯᠢᠭ ᠲᠠᠢ᠂ ᠣᠷᠣᠭᠤᠯᠤᠯᠲᠠ ᠪᠠᠭ᠎ᠠ ᠪᠥᠭᠡᠳ ᠦᠷ᠎ᠡ ᠪᠦᠲᠦᠮᠵᠢ ᠪᠠᠷ ᠰᠠᠶᠢᠨ᠂ ᠬᠢᠮᠢ ᠶᠢᠨ ᠲᠠᠷᠢᠶᠠᠨ ᠡᠮ ᠢ ᠪᠦᠲᠦᠮᠵᠢᠲᠡᠶ ᠪᠠᠷ ᠣᠷᠣᠯᠠᠬᠤ ᠪᠣᠬᠢᠷᠲᠤᠯ ᠦᠭᠡᠢ | ᠰᠡᠷᠭᠡᠶᠢᠯᠡᠨ ᠡᠵᠡᠮᠳᠡᠬᠦ ᠮᠡᠷᠭᠡᠵᠢᠯ ᠪᠠᠶᠢᠵᠤ᠂ ᠣᠳᠣᠬᠠᠨ ᠤ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠨ᠎ᠡ᠃ | ᠬᠤᠶᠠᠷ᠂ ᠵᠢᠱᠢᠶ᠎ᠡ ᠦᠵᠡᠭᠦᠯᠦᠭᠰᠡᠨ ᠳᠡᠯᠭᠡᠷᠡᠭᠦᠯᠦᠯᠲᠡ | 2019 — 2022 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠵᠡᠷᠭᠡ | ᠭᠤᠷᠪᠠᠨ ᠠᠶᠢᠮᠠᠭ ᠬᠤᠲᠠ ᠳᠤ ᠤᠯᠠᠭᠠᠨ ᠨᠢᠳᠦᠲᠦ ᠵᠥᠭᠡᠢ ᠶᠢᠨ ᠡᠷᠳᠡᠨᠢ ᠰᠢᠰᠢ ᠶᠢᠨ ᠮᠢᠩ ᠬᠤᠷᠣᠬᠠᠢ ᠶᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠠᠵᠢᠯᠯᠠᠭ᠎ᠠ ᠶᠢ | ᠦᠷᠨᠢᠭᠦᠯᠪᠡ᠂ ᠵᠢᠱᠢᠶ᠎ᠡ ᠦᠵᠡᠭᠦᠯᠦᠨ ᠳᠡᠯᠭᠡᠷᠡᠭᠦᠯᠦᠭᠰᠡᠨ ᠲᠠᠯᠠᠪᠠᠶ ᠨᠡᠶᠢᠲᠡ 2381 ᠲᠦᠮᠡᠨ ᠮᠦ ︵ᠬᠢᠩᠭᠠᠨ ᠠᠶᠢᠮᠠᠭ 1922 ᠲᠦᠮᠡᠨ ᠮᠦ᠂ ᠲᠦᠩᠯᠢᠶᠣᠣ | ᠬᠤᠲᠠ 279 ᠲᠦᠮᠡᠨ ᠮᠦ᠂ ᠤᠯᠠᠭᠠᠨᠬᠠᠳᠠ ᠬᠤᠲᠠ 180 ᠲᠦᠮᠡᠨ ᠮᠦ︶ ᠪᠠᠶᠢᠳᠠᠭ᠃ ᠡᠭᠦᠨ ᠳᠤ᠂ ᠬᠢᠩᠭᠠᠨ ᠠᠶᠢᠮᠠᠭ ᠪᠣᠯ ᠵᠢᠱᠢᠶ᠎ᠡ ᠦᠵᠡᠭᠦᠯᠦᠨ ᠳᠡᠯᠭᠡᠷᠡᠭᠦᠯᠬᠦ | ᠲᠠᠯᠠᠪᠠᠶ ᠪᠠᠷ ᠬᠠᠮᠤᠭ ᠤᠨ ᠶᠡᠭᠡ ᠠᠶᠢᠮᠠᠭ ᠬᠤᠲᠠ ᠪᠣᠯᠣᠨ᠎ᠠ᠂ ᠵᠥᠭᠡᠢ ᠲᠠᠯᠪᠢᠬᠤ ᠡᠭᠦᠷᠭᠡ ᠶᠢ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠵᠥᠭᠡᠢ ᠲᠠᠯᠪᠢᠭᠴᠢ ᠶᠢ ᠨᠠᠶᠢᠳᠠᠪᠤᠷᠢᠵᠢᠭᠤᠯᠬᠤ᠂ ᠰᠡᠷᠭᠡᠶᠢᠯᠡᠨ ᠵᠠᠰᠠᠬᠤ ᠵᠠᠷᠤᠳᠠᠯ ᠢ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠬᠤ ᠵᠡᠷᠭᠡ ︽ᠵᠢᠷᠭᠤᠭ᠎ᠠ ᠶᠢ ᠨᠠᠶᠢᠳᠠᠪᠤᠷᠢᠵᠢᠭᠤᠯᠬᠤ︾ ᠠᠵᠢᠯ ᠤᠨ ᠠᠷᠭ᠎ᠠ | ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠥᠰᠥᠭ ᠵᠢᠷᠤᠵᠤ᠂ ᠵᠥᠭᠡᠢ ᠲᠠᠯᠪᠢᠬᠤ ᠲᠠᠯᠠᠪᠠᠶ ᠶᠢ ᠱᠠᠲᠤ | ᠳᠠᠷᠠᠭᠠᠯᠠᠨ ᠬᠤᠪᠢᠶᠠᠵᠤ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠪᠦᠰᠡ ᠶᠢ ᠲᠣᠭᠲᠠᠭᠠᠨ᠂ ᠵᠥᠭᠡᠢ ᠲᠠᠯᠪᠢᠬᠤ ᠲᠤᠰᠬᠠᠢ ᠮᠡᠷᠭᠡᠵᠢᠯ ᠤᠨ ᠠᠩᠭᠢ ᠶᠢ | ᠵᠣᠬᠢᠶᠠᠨ ᠪᠠᠶᠢᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠨ᠂ ᠵᠥᠭᠡᠢ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠪᠠᠲᠤᠯᠠᠭᠰᠠᠨ | ᠪᠠᠶᠢᠨ᠎ᠠ᠃ | ᠭᠤᠷᠪᠠ᠂ ᠬᠡᠷᠡᠭᠯᠡᠭᠡᠨ ᠤ ᠦᠷ᠎ᠡ ᠪᠦᠲᠦᠮᠵᠢ | ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠳᠠᠮᠵᠢᠭᠠᠳ ᠳᠣᠣᠷᠠᠬᠢ ᠮᠡᠲᠦ ᠭᠤᠷᠪᠠᠨ ᠶᠡᠭᠡ ᠦᠷ᠎ᠡ ᠪᠦᠲᠦᠮᠵᠢ ᠣᠯᠪᠠ᠄ ᠨᠢᠭᠡ ᠳᠤ ᠬᠤᠬᠢᠷᠠᠯ ᠢ ᠮᠡᠳᠡᠭᠳᠡᠬᠦ᠋ᠢᠴᠡ | ᠪᠠᠭᠠᠰᠬᠠᠵᠤ᠂ ᠰᠡᠷᠭᠡᠶᠢᠯᠡᠨ ᠵᠠᠰᠠᠭ᠎ᠠ ᠦᠭᠡᠢ ᠣᠷᠣᠨ ᠲᠠᠢ ᠬᠠᠷᠢᠴᠠᠭᠤᠯᠪᠠᠯ ᠠᠮᠤ ᠪᠤᠳᠠᠭᠠᠨ ᠤ ᠬᠤᠬᠢᠷᠠᠯ ᠢ 40 ᠳ᠋ᠦᠩᠰᠢᠭᠤᠷ ᠵᠢᠩ ᠪᠠᠭᠠᠰᠬᠠᠪᠠ᠃ ᠬᠤᠶᠠᠷ ᠲᠤ | ᠥᠪᠡᠷ ᠤᠨ ᠥᠷᠲᠡᠭ ᠢ ᠠᠷᠪᠢᠯᠠᠬᠤ ᠨᠢ ᠢᠯᠡᠷᠬᠡᠢ ᠪᠠᠶᠢᠵᠤ᠂ ᠠᠮᠢᠳᠤ ᠪᠣᠳᠠᠰ ᠤᠨ ᠰᠡᠷᠭᠡᠶᠢᠯᠡᠯᠲᠡ ᠡᠵᠡᠮᠳᠡᠯ ᠢ ᠬᠡᠷᠡᠭᠯᠡᠨ᠂ ᠬᠢᠮᠢ ᠶᠢᠨ ᠲᠠᠷᠢᠶᠠᠨ ᠡᠮ ᠬᠡᠷᠡᠭᠯᠡᠬᠦ | ᠬᠡᠮᠵᠢᠶ᠎ᠡ ᠶᠢ 843.9 ᠲᠣᠨ ᠪᠦᠲᠦᠮᠵᠢᠲᠡᠶ ᠪᠠᠷ ᠪᠠᠭᠠᠰᠬᠠᠪᠠ᠃ ᠭᠤᠷᠪᠠ ᠳᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠲᠣᠪᠤᠶᠢᠮ᠎ᠠ ᠪᠠᠶᠢᠵᠤ᠂ ᠲᠦᠷᠪᠡᠨ ᠵᠢᠯ | ᠳᠠᠷᠠᠭᠠᠯᠠᠨ ᠵᠠᠭᠤᠨ ᠰᠠᠭᠤᠷᠢ ᠬᠤᠷᠣᠬᠠᠢ ᠶᠢᠨ ᠰᠡᠷᠭᠡᠶᠢᠯᠡᠯᠲᠡ ᠶᠢᠨ ᠦᠷ᠎ᠡ ᠪᠦᠲᠦᠮᠵᠢ ᠨᠢ ᠴᠥᠮ 65% ᠶᠢ ᠳᠠᠪᠠᠵᠤ᠂ ᠢᠯᠡᠳᠲᠡ ᠦᠷ᠎ᠡ ᠪᠦᠲᠦᠮᠵᠢ ᠣᠯᠵᠤ᠂ | ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ᠂ ᠦᠷᠭᠦᠯᠵᠢᠯᠡᠨ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ | ᠨᠡᠮᠡᠭᠳᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ | |