ᠬᠤᠨᠢᠨ ᠤ ᠨᠠᠷᠠᠰᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2023/10/7
      1. ᠬᠤᠨᠢᠨ ᠰᠠᠷᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠬᠤᠨᠢᠨ ᠤ ᠬᠠᠰᠢᠶ᠎ᠠ ᠰᠠᠷᠠᠪᠴᠢ᠂ ᠬᠠᠰᠢᠶ᠎ᠠ ᠶᠢ ᠠᠭᠤᠵᠢᠮ ᠪᠠᠶᠢᠯᠭᠠᠵᠤ᠂ ᠰᠠᠯᠬᠢ ᠵᠢᠪᠠᠷ ᠰᠠᠶᠢᠨ ᠨᠠᠪᠲᠠᠷᠡᠭᠦᠯᠵᠦ᠂ ᠲᠡᠵᠢᠭᠡᠯ ᠤᠨ ᠣᠩᠭᠤᠴᠠ᠂ ᠤᠰᠤ ᠤᠮᠳᠠᠭᠠᠨ ᠤ ᠭᠠᠵᠠᠷ ᠲᠤ ᠰᠡᠷᠢᠭᠦᠨ ᠰᠠᠷᠠᠪᠴᠢ ᠪᠣᠰᠬᠠᠬᠤ ᠪᠤᠶᠤ ᠮᠣᠳᠣ ᠪᠠᠷ ᠨᠠᠷᠠ ᠶᠢ ᠬᠠᠯᠬᠠᠯᠠᠵᠤ᠂ ᠣᠷᠴᠢᠨ ᠲᠣᠭᠤᠷᠢᠨ ᠤ ᠬᠡᠳᠦ ᠬᠠᠯᠠᠭᠤᠨ ᠢ ᠠᠯᠢ ᠴᠢᠳᠠᠬᠤ ᠪᠠᠷ ᠰᠡᠷᠭᠡᠶᠢᠯᠡᠬᠦ ᠬᠡᠷᠡᠭᠲᠡᠢ᠃       2. ᠨᠢᠭᠲᠠᠴᠠ ᠶᠢ ᠰᠠᠶᠢᠲᠤᠷ ᠡᠵᠡᠮᠳᠡᠬᠦ ᠬᠡᠷᠡᠭᠲᠡᠢ᠃ ᠠᠭᠤᠷ ᠠᠮᠢᠰᠬᠤᠯ ᠬᠡᠳᠦᠢ ᠬᠠᠯᠠᠭᠤᠨ ᠪᠣᠯ ᠬᠤᠨᠢ ᠢᠮᠠᠭ᠎ᠠ ᠲᠡᠳᠦᠢ ᠣᠪᠣᠭᠠᠷᠠᠬᠤ ᠳᠤᠷᠠᠲᠠᠢ᠃ ᠬᠡᠷᠪᠡ ᠬᠤᠨᠢᠨ ᠤ ᠰᠦᠷᠦᠭ ᠤᠨ ᠨᠢᠭᠲᠠᠴᠠ ᠨᠢ ᠬᠡᠲᠦᠷᠬᠡᠢ ᠶᠡᠭᠡ᠂ ᠬᠠᠷᠢᠯᠴᠠᠨ ᠰᠢᠬᠠᠯᠳᠤᠪᠠᠯ᠂ ᠪᠦᠭᠴᠢᠮ᠎ᠡ ᠬᠠᠯᠠᠭᠤᠨ ᠠᠴᠠ ᠪᠣᠯᠵᠤ ᠨᠠᠷᠠᠰᠢᠭᠠᠳ ᠦᠬᠦᠳᠡᠭ᠃ ᠡᠶᠢᠮᠦ ᠠᠴᠠ ᠨᠢᠭᠲᠠᠴᠠ  ᠨᠢ ᠬᠡᠲᠦᠷᠬᠡᠢ ᠶᠡᠭᠡ ᠬᠤᠨᠢᠨ ᠤ ᠰᠦᠷᠦᠭ ᠢ ᠵᠣᠬᠢᠬᠤ ᠬᠡᠮᠵᠢᠶ᠎ᠡ ᠪᠠᠷ ᠰᠠᠯᠭᠠᠬᠤ ᠬᠡᠷᠡᠭᠲᠡᠢ᠃        3. ᠮᠠᠯ ᠬᠠᠷᠢᠭᠤᠯᠬᠤ ᠠᠵᠢᠯ ᠢ ᠰᠠᠶᠢᠨ ᠬᠢᠬᠦ ᠬᠡᠷᠡᠭᠲᠡᠢ᠃ ᠵᠤᠨ ᠤ ᠤᠯᠠᠷᠢᠯ ᠳᠤ ᠬᠤᠨᠢ ᠬᠠᠷᠢᠭᠤᠯᠬᠤ ᠳᠠᠭᠠᠨ ᠦᠳᠡ ᠶᠢᠨ ᠡᠮᠦᠨ᠎ᠡ ᠡᠷᠲᠡ ᠭᠠᠷᠴᠤ ᠡᠷᠲᠡ ᠪᠤᠴᠠᠬᠤ ᠬᠡᠷᠡᠭᠲᠡᠢ᠂ ᠦᠳᠡ ᠶᠢᠨ ᠬᠤᠶᠢᠨ᠎ᠠ ᠣᠷᠣᠢ ᠭᠠᠷᠴᠤ ᠣᠷᠣᠢ ᠪᠤᠴᠠᠬᠤ ᠬᠡᠷᠡᠭᠲᠡᠢ᠂ ᠬᠠᠷᠢᠭᠤᠯᠬᠤ ᠳᠠᠭᠠᠨ ᠴᠢᠳᠠᠬᠤ ᠶᠢᠨ ᠳᠣᠲᠣᠷ᠎ᠠ ᠨᠡᠷᠡᠨ ᠤ ᠭᠡᠷᠡᠯ ᠤᠨ ᠲᠤᠰᠤᠯᠲᠠ ᠪᠠᠷ ᠨᠡᠯᠢᠶᠡᠳ ᠪᠠᠭᠤᠷᠠᠢ ᠰᠡᠭᠦᠳᠡᠷ ᠭᠠᠵᠠᠷ ᠢ ᠰᠣᠩᠭᠤᠵᠤ᠂ ᠨᠡᠷᠡᠨ ᠤ ᠡᠭᠴᠡ ᠲᠤᠰᠤᠯᠲᠠ ᠶᠢᠨ ᠴᠠᠭ ᠢ ᠦᠭᠡᠶᠢᠰᠬᠡᠬᠦ ᠪᠤᠶᠤ ᠪᠣᠭᠤᠨᠢᠰᠬᠠᠬᠤ ᠬᠡᠷᠡᠭᠲᠡᠢ᠃ ᠦᠳᠡ ᠳᠤ ᠮᠠᠯᠵᠢᠬᠤ ᠶᠢ ᠴᠢᠩᠭ᠎ᠠ ᠴᠠᠭᠠᠵᠠᠯᠠᠵᠤ᠂ ᠨᠥᠬᠦᠴᠡᠯ ᠲᠠᠢ ᠭᠠᠵᠠᠷ ᠲᠤ ᠪᠠᠰᠠ ᠰᠥᠨᠢ ᠮᠠᠯᠵᠢᠵᠤ ᠪᠣᠯᠣᠨ᠎ᠠ᠃      4. ᠬᠦᠢᠲᠡᠨ ᠤᠰᠤ ᠶᠢ ᠰᠠᠶᠢᠨ ᠬᠡᠷᠡᠭᠯᠡᠬᠦ ᠬᠡᠷᠡᠭᠲᠡᠢ᠃ ᠥᠨᠳᠥᠷ ᠳᠤᠯᠠᠭᠠᠨ ᠤ ᠤᠯᠠᠷᠢᠯ ᠳᠤ ᠬᠤᠨᠢᠨ ᠤ ᠬᠡᠷᠡᠭᠰᠡᠬᠦ ᠤᠰᠤᠨ ᠤ ᠬᠡᠮᠵᠢᠶ᠎ᠡ ᠶᠡᠭᠡ᠂ ᠡᠳᠦᠷ ᠪᠦᠷᠢ ᠠᠳᠠᠭ ᠲᠠᠭᠠᠨ 4 ᠤᠳᠠᠭ᠎ᠠ ᠤᠰᠤ ᠤᠤᠭᠤᠨ᠎ᠠ᠂ ᠣᠨᠴᠠᠭᠠᠶᠢᠯᠠᠨ ᠮᠠᠯ ᠬᠠᠷᠢᠭᠤᠯᠬᠤ ᠠᠴᠠ ᠡᠮᠦᠨ᠎ᠡ ᠪᠠ ᠬᠠᠷᠢᠵᠤ ᠢᠷᠡᠭᠰᠡᠨ ᠤ ᠳᠠᠷᠠᠭ᠎ᠠ ᠡᠷᠬᠡᠪᠰᠢ ᠲᠤᠰ ᠪᠦᠷᠢ ᠨᠢᠭᠡ ᠤᠳᠠᠭ᠎ᠠ ᠤᠰᠤ ᠤᠤᠭᠤᠯᠭᠠᠬᠤ ᠬᠡᠷᠡᠭᠲᠡᠢ᠃ ᠬᠡᠷᠪᠡ ᠬᠤᠨᠢ ᠴᠢᠨᠢ ᠶᠡᠭᠡ ᠬᠦᠯᠦᠷᠡᠭᠰᠡᠨ ᠪᠠᠶᠢᠪᠠᠯ ᠵᠣᠬᠢᠬᠤ ᠬᠡᠮᠵᠢᠶᠡᠨ ᠤ ᠳᠠᠪᠤᠰᠤ ᠨᠡᠮᠡᠵᠦ ᠪᠣᠯᠣᠨ᠎ᠠ᠃ ᠬᠤᠨᠢᠨ ᠤ ᠪᠡᠶ᠎ᠡ ᠶᠢ ᠦᠷᠭᠦᠯᠵᠢ ᠤᠬᠢᠶᠠᠵᠤ ᠥᠭᠬᠦ ᠬᠡᠷᠡᠭᠲᠡᠢ᠂ ᠪᠡᠶ᠎ᠡ ᠤᠬᠢᠶᠠᠬᠤ ᠨᠥᠬᠦᠴᠡᠯ ᠦᠭᠡᠢ ᠦᠶ᠎ᠡ ᠳᠤ ᠪᠠᠰᠠ ᠦᠷᠭᠦᠯᠵᠢ ᠬᠦᠢᠲᠡᠨ ᠤᠰᠤ ᠰᠦᠷᠴᠢᠵᠦ ᠬᠠᠯᠠᠭᠤᠨ ᠢ ᠨᠢ ᠪᠠᠭᠤᠷᠠᠭᠤᠯᠬᠤ ᠬᠡᠷᠡᠭᠲᠡᠢ᠃       5. ᠲᠡᠭᠡᠭᠡᠪᠦᠷᠢ ᠶᠢᠨ ᠠᠵᠢᠯ ᠢ ᠰᠠᠶᠢᠨ ᠬᠢᠬᠦ ᠬᠡᠷᠡᠭᠲᠡᠢ᠃ ᠬᠤᠨᠢ ᠶᠢ ᠵᠥᠭᠡᠭᠡᠪᠦᠷᠢᠯᠡᠬᠦ ᠳᠡᠭᠡᠨ ᠠᠭᠠᠭᠢᠮ᠎ᠠ ᠬᠠᠯᠠᠭᠤᠨ ᠵᠤᠨ ᠤ ᠴᠠᠭ ᠲᠤ ᠬᠤᠨᠢ ᠶᠢ ᠬᠤᠯᠠ ᠵᠥᠭᠡᠭᠡᠪᠦᠷᠢᠯᠡᠬᠦ ᠠᠴᠠ ᠵᠠᠶᠢᠯᠠᠰᠬᠢᠬᠦ ᠬᠡᠷᠡᠭᠲᠡᠢ᠃      
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ