ᠥᠪᠥᠷ ᠮᠣᠩᠭᠤᠯ ᠳᠤ ᠨᠤᠲᠤᠭ ᠲᠠᠢ ᠵᠠᠯᠠᠭᠤ ᠠᠽᠢᠶ᠎ᠠ ᠶᠢᠨ ᠠᠪᠤᠷᠭᠤ ᠪᠣᠯᠪᠠ
ᠨᠡᠶᠢᠲᠡᠯᠡᠭᠰᠡᠨ ᠴᠠᠭ᠄
2023/10/7
     10 ᠳ᠋ᠤᠭᠠᠷ ᠰᠠᠷ᠎ᠠ ᠶᠢᠨ 3 ᠤ ᠣᠷᠣᠢ ᠪᠣᠯᠣᠭᠰᠠᠨ ᠬᠠᠩᠵᠧᠦ ᠶᠢᠨ ᠠᠽᠢᠶ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠷᠡᠭᠲᠡᠢ ᠶᠢᠨ ᠭᠤᠷᠪᠠᠨ ᠠᠯᠬᠤᠮ ᠤᠨ ᠬᠠᠷᠠᠶᠢᠯᠲᠠ ᠶᠢᠨ ᠰᠢᠢᠳᠪᠦᠷᠢᠲᠦ ᠤᠷᠤᠯᠳᠤᠭᠠᠨ ᠳᠤ ᠥᠪᠥᠷ ᠮᠣᠩᠭᠤᠯ ᠤᠨ ᠬᠥᠯᠥᠨ ᠪᠣᠶᠢᠷ ᠬᠤᠲᠠ ᠶᠢᠨ ᠣᠷᠴᠣᠨ ᠤ ᠥᠪᠡᠷᠳᠡᠭᠡᠨ ᠵᠠᠰᠠᠬᠤ ᠬᠤᠰᠢᠭᠤ  ᠪᠠᠷ  ᠨᠤᠲᠤᠭ  ᠲᠠᠢ᠂ ᠯᠢᠶᠣᠤᠨᠢᠩ ᠮᠤᠵᠢ ᠶᠢᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠠᠩᠭᠢ ᠶᠢᠨ ᠲᠠᠮᠢᠷᠴᠢᠨ ᠵᠦ ᠶᠠ ᠮᠢᠩ 17.13 ᠮᠧᠲᠷ ᠤᠨ ᠬᠢᠷᠢ ᠪᠦᠲᠦᠮᠵᠢ ᠪᠠᠷ ᠲᠡᠷᠢᠭᠦᠯᠡᠵᠦ ᠂  ᠮᠠᠨ ᠤ ᠤᠯᠤᠰ ᠤᠨ ᠲᠠᠮᠢᠷᠴᠢᠨ ᠹᠠᠩ ᠶᠤᠤ ᠴᠢᠩ 16.93 ᠮᠧᠲᠷ ᠤᠨ ᠬᠢᠷᠢ ᠪᠦᠲᠦᠮᠵᠢ ᠪᠠᠷ ᠳᠡᠳ᠋ᠯᠡᠭᠰᠡᠨ ᠪᠠᠶᠢᠨ᠎ᠠ᠃     ᠵᠦ ᠶᠠ ᠮᠢᠩ 1994 ᠣᠨ ᠳᠤ ᠬᠥᠯᠥᠨ ᠪᠣᠶᠢᠷ ᠬᠤᠲᠠ ᠶᠢᠨ ᠣᠷᠴᠣᠨ ᠤ ᠥᠪᠡᠷᠳᠡᠭᠡᠨ ᠵᠠᠰᠠᠬᠤ  ᠬᠤᠰᠢᠭᠤᠨ ᠤ ᠳ᠋ᠠ ᠶᠠᠩ ᠱᠦ ᠪᠠᠯᠭᠠᠰᠤᠨ ᠳᠤ ᠲᠥᠷᠥᠵᠦ᠂ 19 ᠨᠠᠰᠤᠲᠠᠢ ᠳᠠᠭᠠᠨ ᠮᠦᠭᠳᠡᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠳᠤ ᠰᠢᠯᠭᠠᠨ ᠣᠷᠣᠵᠤ᠂ 2015 ᠣᠨ ᠳᠤ ᠯᠢᠶᠣᠤᠨᠢᠩ ᠮᠤᠵᠢ ᠶᠢᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠠᠩᠭᠢ  ᠳᠤ ᠡᠯᠰᠡᠭᠳᠡᠭᠰᠡᠨ ᠪᠠᠶᠢᠨ᠎ᠠ᠃     ᠲᠡᠷᠡ ᠪᠠᠷ ᠲᠤᠤᠺᠢᠤ᠋ ᠶᠢᠨ ᠣᠯᠧᠮᠫᠢᠺ ᠤᠨ ᠴᠤᠭᠯᠠᠭᠠᠨ ᠳᠤ 17.57 ᠮᠧᠲᠷ ᠤᠨ ᠬᠢᠷᠢ ᠪᠦᠲᠦᠮᠵᠢ ᠪᠠᠷ ᠮᠥᠩᠭᠦᠨ ᠮᠧᠳᠠᠯ ᠬᠦᠷᠲᠡᠵᠦ᠂ ᠣᠯᠧᠮᠫᠢᠺ ᠤᠨ ᠴᠤᠭᠯᠠᠭᠠᠨ ᠤ ᠲᠤᠰ ᠲᠥᠷᠥᠯ ᠵᠦᠢᠯ ᠤᠨ ᠮᠠᠨ ᠤ ᠤᠯᠤᠰ ᠤᠨ ᠪᠠᠭ ᠤᠨ ᠬᠠᠮᠤᠭ ᠤᠨ ᠰᠢᠯᠢᠳᠡᠭ ᠬᠢᠷᠢ ᠪᠦᠲᠦᠮᠵᠢ ᠶᠢ ᠡᠭᠦᠳᠦᠭᠰᠡᠨ ᠶᠤᠮ᠃  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ