ᠬᠠᠨᠭ᠍ᠵᠸᠤ ᠶᠢᠨ ᠠᠽᠢᠶ᠎ᠡ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠲᠦᠷᠦᠯ ᠵᠦᠢᠯ ᠤᠨ ᠡᠮᠡᠭᠳᠠᠢ ᠶᠢᠨ 75 ᠺᠢᠯᠦᠭᠷᠡᠮ ᠤᠨ ᠲᠡᠰ ᠤᠨ ᠰᠢᠢᠳᠪᠤᠷᠢᠳᠤ ᠤᠷᠤᠯᠳᠤᠭᠠᠨ ᠳᠤ ᠤᠷᠳᠤᠰ ᠨᠤᠳᠤᠬᠳᠠᠢ ᠲᠠᠮᠢᠷᠴᠢᠨ ᠯᠢ ᠴᠢᠶᠠᠨ ᠲᠡᠷᠢᠭᠦᠯᠡᠪᠡ
ᠨᠡᠶᠢᠲᠡᠯᠡᠭᠰᠡᠨ ᠴᠠᠭ᠄
2023/10/7
     10 ᠰᠠᠷ᠎ᠠ ᠶᠢᠨ 4 ᠤ ᠡᠳᠤᠷ᠂  ᠬᠠᠨᠭ᠍ᠵᠸᠤ ᠶᠢᠨ ᠠᠽᠢᠶ᠎ᠡ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠲᠦᠷᠦᠯ ᠵᠦᠢᠯ ᠤᠨ ᠡᠮᠡᠭᠳᠠᠢ ᠶᠢᠨ 75 ᠺᠢᠯᠦᠭᠷᠡᠮ ᠤᠨ ᠲᠡᠰ ᠤᠨ ᠰᠢᠢᠳᠪᠤᠷᠢᠳᠤ ᠤᠷᠤᠯᠳᠤᠭᠠᠨ ᠳᠤ ᠤᠷᠳᠤᠰ ᠨᠤᠳᠤᠬᠳᠠᠢ ᠲᠠᠮᠢᠷᠴᠢᠨ ᠯᠢ ᠴᠢᠶᠠᠨ ᠲᠡᠷᠢᠭᠦᠯᠡᠪᠡ᠃     ᠯᠢ ᠴᠢᠶᠠᠨ 1990 ᠤᠨ ᠤ 6 ᠰᠠᠷ᠎ᠠ ᠳᠤ ᠲᠦᠷᠦᠵᠤ᠂  ᠤᠭ ᠨᠤᠳᠤᠭ ᠨᠢ ᠾᠧᠨᠠᠨ᠂  ᠪᠠᠭ᠎ᠠ ᠳᠠᠭᠠᠨ ᠠᠪᠤ ᠡᠵᠢ ᠪᠠᠨ ᠲᠠᠭᠠᠵᠤ ᠾᠧᠨᠠᠨ ᠠᠴᠠ ᠤᠷᠳᠤᠰ ᠲᠤ ᠢᠷᠡᠵᠤ᠂  ᠰᠡᠭᠦᠯᠡᠷ ᠨᠢ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠰᠤᠷᠤᠯᠴᠠᠪᠠ᠃     ᠯᠢ ᠴᠢᠶᠠᠨ 17 ᠨᠠᠰᠤᠨ ᠠᠴᠠ ᠪᠠᠨ ᠨᠢᠳᠤᠷᠭᠠᠨ ᠲᠡᠮᠡᠴᠡᠭᠡᠨ ᠤ ᠬᠦᠳᠡᠯᠭᠡᠭᠡᠨ ᠲᠠᠢ ᠦᠢᠷᠠᠳᠤᠵᠤ᠂ ᠨᠢᠳᠤᠷᠭᠠᠨ ᠲᠡᠮᠡᠴᠡᠭᠡᠨ ᠤ  ᠳᠠᠰᠬᠠᠯᠵᠢᠭᠤᠯᠤᠬᠴᠢ ᠬᠠᠳᠠᠪᠠᠭᠠᠳᠤᠷ  ᠲᠤ ᠱᠠᠪᠢ ᠤᠷᠤᠪᠡ᠃  ᠦᠪᠤᠷ ᠮᠤᠩᠭᠤᠯ ᠤᠨ ᠨᠢᠳᠤᠷᠭᠠᠨ ᠲᠡᠮᠡᠴᠡᠭᠡᠨ ᠤ ᠠᠩᠬᠢ ᠳᠤ ᠤᠷᠤᠬᠰᠡᠨ ᠯᠢ ᠴᠢᠶᠠᠨ ᠠᠪᠢᠶᠠᠰ ᠪᠢᠯᠢᠭ ᠵᠢᠴᠢ ᠰᠢᠷᠭᠠᠭᠤ ᠴᠢᠷᠮᠠᠶᠢᠯᠭ᠎ᠠ ᠪᠠᠷ ᠢᠶᠠᠨ ᠤᠳᠠᠭ᠎ᠠ ᠲᠠᠷᠠᠭᠠᠯᠡᠨ ᠱᠠᠩᠨᠠᠯ ᠬᠦᠷᠳᠡᠵᠤ᠂ 2021 ᠤᠨ ᠤ 8 ᠰᠠᠷ᠎ᠠ ᠶᠢᠨ 8 ᠤ ᠡᠳᠤᠷ᠂  ᠲᠤᠤᠺᠢᠤ᠋ ᠶᠢᠨ ᠤᠯᠢᠮᠫᠢᠺ ᠤᠨ ᠲᠠᠮᠢᠷ ᠤᠨ ᠴᠤᠬᠯᠠᠭᠠᠨ ᠤ ᠨᠢᠳᠤᠷᠭᠠᠨ ᠲᠡᠮᠡᠴᠡᠭᠡᠨ ᠤ ᠡᠮᠡᠭᠳᠠᠢ ᠶᠢᠨ ᠲᠤᠮᠳᠡ ᠲᠡᠰ ᠤᠨ  ︵69 - 75 ᠺᠢᠯᠦᠭᠷᠡᠮ ︶ ᠰᠢᠢᠳᠪᠤᠷᠢᠳᠤ ᠤᠷᠤᠯᠳᠤᠭᠠᠨ ᠳᠤ ᠮᠦᠡᠭᠭᠦᠨ ᠮᠧᠳᠠᠯ ᠭᠠᠷᠳᠠᠵᠠᠢ᠃    
ᠢᠷᠡᠯᠲᠡ᠄ ᠳᠤᠯᠠᠭᠠᠨ ᠰᠤᠨᠢᠨ ᠤ ᠸᠢᠴᠠᠲ ᠲᠠᠪᠴᠠᠩ