ᠬᠤᠷᠢᠳᠤᠭᠠᠷ ᠬᠤᠭᠤᠴᠠᠭᠠᠨ ᠤ ᠲᠥᠪ ᠤᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2023/10/8
     ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠬᠤᠷᠢᠳᠤᠭᠠᠷ ᠬᠤᠭᠤᠴᠠᠭᠠᠨ ᠤ ᠲᠥᠪ ᠤᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠤ ᠠᠵᠢᠯ ᠢ ᠣᠶᠢᠷ᠎ᠠ ᠳᠤ ᠪᠦᠬᠦᠨ ᠢ ᠪᠡᠶᠡᠯᠡᠭᠦᠯᠪᠡ᠃ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠤ ᠠᠵᠢᠯ ᠢ ᠲᠥᠪᠯᠡᠷᠡᠭᠦᠯᠦᠨ ᠬᠠᠷᠢᠭᠤ ᠲᠤᠰᠬᠠᠬᠤ ᠪᠠ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠤᠰ ᠲᠤᠰ ᠲᠤᠨᠢ ᠬᠠᠷᠢᠭᠤ ᠲᠤᠰᠬᠠᠬᠤ ᠬᠡᠯᠪᠡᠷᠢ ᠪᠠᠷ ᠶᠠᠪᠤᠭᠳᠠᠭᠤᠯᠵᠠᠢ᠃     9 ᠰᠠᠷ᠎ᠠ ᠶᠢᠨ 19 ᠤ ᠡᠳᠦᠷ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠢᠳᠤᠭᠠᠷ ᠬᠤᠭᠤᠴᠠᠭᠠᠨ ᠤ ᠲᠥᠪ ᠤᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠴᠢ ᠴᠢᠨᠠᠷᠲᠠᠶ ᠠᠰᠠᠭᠤᠳᠠᠯ ᠢ ᠵᠠᠷᠯᠠᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠤᠯᠲᠠ ᠬᠢᠪᠠ᠃ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠶᠢᠨ ᠭᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     9 ᠰᠠᠷ᠎ᠠ ᠶᠢᠨ 20 ᠠᠴᠠ 22 ᠤᠨ ᠡᠳᠦᠷ ᠪᠣᠯᠲᠠᠯ᠎ᠠ᠂ ᠲᠥᠪ ᠤᠨ 15 ᠲᠣᠭᠤᠷᠢᠨ ᠪᠠᠶᠢᠴᠠᠭᠠᠬᠤ ᠳᠤᠭᠤᠶᠢᠯᠠᠩ ᠲᠣᠰ ᠡᠭᠡᠯᠵᠢ ᠳᠤ ᠲᠣᠭᠤᠷᠢᠨ ᠪᠠᠶᠢᠴᠠᠭᠠᠭᠰᠠᠨ ᠲᠥᠪ ᠠᠴᠠ ᠬᠠᠮᠢᠶᠠᠷᠴᠤ ᠪᠠᠶᠢᠭ᠎ᠠ 30 ᠠᠵᠤ ᠠᠬᠤᠶᠢᠯᠠᠯ ᠤᠨ ᠨᠠᠮ ᠤᠨ ᠤᠳᠤᠷᠢᠳᠬᠤ ᠳᠤᠭᠤᠶᠢᠯᠠᠩ᠂ ᠲᠥᠪ ᠠᠴᠠ ᠬᠠᠮᠢᠶᠠᠷᠴᠤ ᠪᠠᠶᠢᠭ᠎ᠠ 5 ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠨᠠᠮ ᠤᠨ ᠬᠤᠷᠢᠶ᠎ᠠ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠲᠣᠰ ᠲᠣᠰ ᠬᠠᠷᠢᠭᠤ ᠲᠤᠰᠬᠠᠪᠠ᠃ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠢᠷᠠᠭᠤᠯᠤᠯᠲᠠ ᠶᠢ ᠦᠨᠳᠦᠰᠦᠯᠡᠨ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠵᠠᠢ᠃     ᠬᠠᠷᠢᠭᠤ ᠲᠤᠰᠬᠠᠯ ᠳᠤ᠂ ᠤᠢᠢᠷ᠎ᠠ ᠶᠢᠨ ᠵᠢᠯ ᠳᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠭᠠᠳᠠᠭᠠᠳᠤ ᠣᠷᠴᠢᠨ ᠨᠦᠬᠦᠴᠡᠯ ᠪᠣᠯᠤᠨ ᠬᠢᠵᠢᠭ ᠤᠨ ᠪᠠᠶᠢᠳᠠᠯ ᠤᠨ ᠳᠠᠭᠠᠷᠢᠯᠳᠠ ᠶᠢᠨ ᠨᠥᠯᠥᠭᠡ ᠶᠢᠨ ᠡᠮᠦᠨ᠎ᠠ᠂ ᠰᠢᠯᠭᠠᠯᠲᠠ ᠶᠢ ᠳᠠᠭᠠᠭᠠᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠠᠢ ᠭᠡᠵᠦ ᠵᠢᠭᠠᠵᠤ ᠭᠠᠷᠭᠠᠪᠠ᠃     ᠬᠠᠷᠢᠭᠤ ᠲᠤᠰᠬᠠᠯ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡ᠂ ᠪᠡᠶ᠎ᠡ ᠶᠢᠨ ᠲᠠᠮᠢᠷ ᠤᠨ ᠬᠦᠷᠢᠶᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠲᠥᠪ ᠴᠢᠩᠭ᠎ᠠ ᠪᠠᠷ ᠵᠢᠭᠠᠵᠤ ᠭᠠᠷᠭᠠᠪᠠ᠃ ᠵᠠᠷᠢᠮ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠶᠢᠨ ᠲᠤᠬᠠᠢ ᠲᠠᠨᠢᠯᠲᠠ ᠭᠦᠨᠵᠡᠭᠡᠢ ᠪᠢᠰᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠠᠯ᠎ᠠ ᠪᠠᠷ ᠵᠥᠷᠢᠶ᠎ᠠ ᠲᠠᠢ ᠪᠠᠶᠢᠨ᠎ᠠ︔ ᠵᠠᠷᠢᠮ ᠨᠢ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠲᠠᠯ᠎ᠠ ᠪᠠᠷ ᠬᠦᠷᠦᠯᠴᠡᠬᠦ ᠥᠬᠡᠶ᠂ ᠠᠶᠤᠯ ᠲᠦᠭᠰᠢᠭᠦᠷᠢ ᠶᠢᠨ ᠤᠬᠠᠮᠰᠠᠷ ᠴᠢᠩᠭ᠎ᠠ ᠪᠢᠰᠢ᠂ ᠰᠡᠷᠭᠡᠶᠢᠯᠡᠨ ᠡᠵᠡᠮᠳᠡᠬᠦ ᠲᠣᠭᠲᠡᠴᠡ ᠨᠢ ᠲᠡᠭᠦᠯᠳᠡᠷ ᠪᠢᠰᠢ ᠪᠠᠶᠢᠨ᠎ᠠ︔ ᠵᠠᠷᠢᠮ ᠨᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠤᠭᠰᠠᠨ ᠦᠭᠡᠢ᠂ ᠳᠠᠷᠤᠯᠲᠠ ᠶᠢ ᠳᠠᠮᠵᠢᠭᠤᠯᠬᠤ ᠳᠤ ᠱᠠᠳᠤ ᠱᠠᠳᠤ ᠪᠠᠷ ᠪᠠᠭᠠᠰᠴᠤ᠂ ᠴᠢᠩᠭ᠎ᠠ ᠪᠠᠶᠢᠬᠤ ᠦᠨᠳᠦᠰᠦᠨ ᠬᠦᠭ ᠠᠶᠠᠰ ᠨᠢ ᠰᠤᠯᠠ᠂ ︽ᠨᠢᠭᠡᠳᠦᠭᠡᠷ ᠬᠠᠷᠢᠭᠤᠴᠠᠯᠭᠠᠳᠠᠨ︾ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠨᠡᠯᠢᠶᠡᠳ ᠲᠤᠪᠤᠶᠢᠮ᠎ᠠ ᠪᠠᠶᠢᠵᠤ᠂ ︽ᠠᠵᠤ ᠠᠬᠤᠶᠢᠯᠠᠯ ᠢ ᠲᠦᠰᠢᠭᠯᠡᠨ ᠠᠵᠤ ᠠᠬᠤᠶᠢᠯᠠᠯ ᠢ ᠢᠳᠡᠬᠦ︾ ᠠᠰᠠᠭᠤᠳᠠᠯ ᠤᠯᠠᠨ ᠭᠠᠷᠴᠤ᠂ ︽ᠲᠦᠷᠪᠡᠨ ᠰᠤᠷᠲᠠᠯ︾ ᠤᠨ ᠠᠰᠠᠭᠤᠳᠠᠯ ᠲᠤᠪᠤᠶᠢᠮ᠎ᠠ ᠪᠠᠶᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠬᠦ ᠠᠰᠠᠭᠤᠳᠠᠯ ᠮᠥᠨ ᠯᠡ ᠭᠠᠷᠴᠤ ᠪᠠᠶᠢᠨ᠎ᠠ︔ ᠵᠠᠷᠢᠮ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠪᠠᠭᠤᠷᠠᠢ ᠭᠤᠭᠴᠤᠭ᠎ᠠ ᠣᠷᠣᠰᠢᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃     ᠬᠠᠷᠢᠭᠤ ᠲᠤᠰᠬᠠᠯ ᠳᠤ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠭᠢᠬᠦᠶ᠂ ᠲᠦᠢᠯᠰᠢᠷᠠᠯ ᠤᠨ ᠰᠡᠳᠭᠢᠬᠦᠶ ᠶᠢ ᠪᠠᠲᠤ ᠪᠣᠶ ᠪᠣᠯᠭᠠᠵᠤ᠂ ᠠᠶᠤᠯ ᠲᠦᠭᠰᠢᠭᠦᠷᠢ ᠭᠡᠮ ᠰᠤᠭᠤᠭ ᠢ ᠪᠥᠬᠦ ᠲᠠᠯ᠎ᠠ ᠪᠠᠷ ᠪᠦᠷᠢᠳᠭᠡᠨ ᠪᠠᠶᠢᠴᠠᠭᠠᠵᠤ᠂ ᠳᠤᠲᠠᠭᠤᠳᠠᠯ ᠢ ᠨᠥᠬᠦᠪᠥᠷᠢᠯᠡᠵᠦ᠂ ᠠᠶᠤᠯ ᠲᠦᠭᠰᠢᠭᠦᠷᠢ ᠶᠢ ᠠᠷᠢᠯᠭᠠᠨ ᠬᠤᠬᠢᠷᠠᠯ ᠢ ᠦᠭᠡᠶᠢᠰᠭᠡᠵᠤ᠂ ᠤᠯᠤᠰ ᠤᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠢᠯᠵᠠᠷᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠲᠥᠪ ᠴᠢᠩᠭ᠎ᠠ ᠪᠠᠷ ᠵᠠᠯᠠᠷᠠᠭᠤᠯᠤᠨ ᠵᠠᠰᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠤ ᠱᠠᠭᠠᠷᠳᠠᠵᠠᠢ᠃     ᠬᠠᠷᠢᠭᠤ ᠲᠤᠰᠬᠠᠯ ᠳᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠠᠲᠠᠭᠤ ᠲᠠᠢ ᠬᠠᠯᠳᠠᠵᠤ᠂ ᠴᠢᠩᠭ᠎ᠠ ᠪᠠᠶᠢᠬᠤ ᠦᠨᠳᠦᠰᠦᠨ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠳᠠᠮᠵᠢᠭᠤᠯᠵᠤ᠂ ᠡᠴᠦᠰ ᠲᠤᠨᠢ ᠲᠤᠯᠲᠠᠯ᠎ᠠ ᠲᠤᠭᠤᠰᠢᠯᠠᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠨᠢᠭᠡᠳᠦᠭᠡᠷ ᠬᠠᠷᠢᠭᠤᠴᠠᠯᠭᠠᠲᠠᠨ︾ ᠪᠣᠯ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠮᠥᠨ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠭᠡᠵᠦ᠂ ᠬᠠᠷᠢᠭᠤ ᠲᠤᠰᠬᠠᠭᠰᠠᠨ ᠰᠠᠨᠠᠯ ᠲᠠᠢ ᠴᠢᠩᠭ᠎ᠠ ᠬᠠᠷᠭᠤᠭᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠭᠤᠣᠯ ᠰᠡᠳᠦᠪᠲᠦ ᠬᠥᠮᠦᠵᠢᠯ ᠳᠠᠬᠢ ᠰᠢᠨᠵᠢᠨ ᠪᠠᠶᠢᠴᠠᠭᠠᠭᠰᠠᠨ ᠠᠰᠠᠭᠤᠳᠠᠯ ᠲᠠᠢ ᠤᠶᠠᠯᠳᠤᠭᠤᠯᠵᠤ᠂ ᠳᠡᠭᠡᠷ᠎ᠡ ᠤᠳᠠᠭ᠎ᠠ ᠶᠢᠨ ᠲᠣᠭᠤᠷᠢᠨ ᠪᠠᠶᠢᠴᠠᠭᠠᠯᠳᠠ ᠳᠠᠬᠢ ᠴᠡᠭᠴᠡᠯᠡᠨ ᠰᠠᠶᠢᠵᠢᠷᠠᠭᠤᠯᠤᠭᠰᠠᠨ ᠨᠢ ᠭᠦᠢᠴᠡᠳ ᠪᠤᠰᠤ ᠠᠰᠠᠭᠤᠳᠠᠯ ᠲᠠᠢ ᠤᠶᠠᠯᠳᠤᠭᠤᠯᠵᠤ᠂ ᠰᠢᠰᠲ᠋ᠧᠮ ᠲᠠᠢ ᠴᠡᠭᠴᠡᠯᠡᠨ ᠰᠠᠶᠢᠵᠢᠷᠠᠭᠤᠯᠵᠤ᠂ ᠨᠢᠭᠡ ᠴᠤᠬᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠦᠨᠡᠨᠴᠢ ᠰᠢᠳᠤᠷᠭᠤ ᠪᠠᠶᠢᠬᠤ ᠪᠠᠨ ᠢᠯᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ      ᠬᠠᠷᠢᠭᠤ ᠲᠤᠰᠬᠠᠯ  ᠳᠤ᠂ ᠴᠡᠭᠴᠡᠯᠡᠨ ᠰᠠᠶᠢᠵᠢᠷᠠᠭᠤᠯᠬᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠳᠠᠯᠢ ᠴᠢᠭᠯᠡᠯ ᠢᠶᠠᠷ ᠬᠦᠴᠦᠯᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠬᠥᠮᠦᠨ᠂ ᠪᠣᠳᠠᠲᠠᠢ ᠶᠠᠪᠤᠳᠠᠯ ᠢ ᠴᠢᠩᠭ᠎ᠠ ᠠᠩᠬᠠᠷᠴᠤ᠂ ᠪᠣᠳᠠᠲᠠᠢ ᠭᠠᠵᠠᠷ ᠲᠤᠨᠢ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠦᠨᠡᠨ ᠪᠣᠳᠠᠲᠠᠢ ᠪᠠᠶᠢᠳᠠᠯ ᠢ ᠡᠵᠡᠮᠰᠢᠵᠦ᠂ ᠬᠠᠰᠢ ᠶᠠᠰᠢ ᠪᠠᠷ ᠠᠷᠭᠠᠴᠠᠭᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ᠂ ᠨᠡᠶᠢᠲᠡᠯᠢᠭ ᠵᠢᠱᠢᠶ᠎ᠡ ᠶᠢ ᠠᠳᠬᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠣᠭᠤᠷᠢᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠡᠭᠦᠷᠭᠡ ᠴᠢᠳᠠᠪᠬᠢᠳᠤ ᠰᠠᠯᠠᠭ᠎ᠠ ᠮᠥᠴᠢᠷ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠲᠣᠭᠤᠷᠢᠨ ᠪᠠᠶᠢᠴᠠᠭᠠᠯᠲᠠ ᠳᠤ ᠲᠤᠰᠬᠠᠬᠰᠡᠨ ᠨᠡᠶᠢᠲᠡᠴᠢ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠶᠢᠨ ᠠᠰᠠᠭᠤᠳᠠᠯ ᠳᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠡᠴᠡ ᠶᠢ ᠲᠡᠭᠦᠯᠳᠡᠷᠵᠢᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠡᠴᠡ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠤ ᠱᠠᠭᠠᠷᠳᠠᠵᠠᠢ᠃     ᠣᠶᠢᠯᠠᠭᠠᠭᠰᠠᠨ ᠢᠶᠠᠷ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠪᠠᠰᠠ ᠵᠠᠷᠢᠮ ᠤᠳᠤᠷᠢᠳᠬᠤ ᠺᠠᠳ᠋ᠷ ᠤᠨ ᠠᠰᠠᠭᠤᠳᠠᠯ ᠤᠨ ᠰᠦᠪᠡᠭᠴᠢ ᠶᠢ ᠣᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠤᠯᠪᠣᠭᠳᠠᠯ ᠪᠥᠬᠦᠶ ᠲᠠᠯ᠎ᠠ ᠳᠤ ᠰᠶᠢᠳᠪᠦᠷᠢᠯᠡᠭᠦᠯᠬᠦ ᠪᠠᠷ ᠰᠢᠯᠵᠢᠭᠦᠯᠦᠨ ᠥᠭᠴᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ