ᠮᠠᠨ ᠤ ᠤᠷᠤᠨ ᠤ 11 ᠠᠵᠤ ᠠᠬᠤᠶᠢᠯᠠᠯ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠦᠢᠯᠡᠰ ᠪᠤᠰᠬᠠᠵᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠳᠤ ᠣᠷᠣᠯᠴᠠᠪᠠ
ᠨᠡᠶᠢᠲᠡᠯᠡᠭᠰᠡᠨ ᠴᠠᠭ᠄
2023/10/8
      ᠤᠶᠢᠷ᠎ᠠ ᠳᠤ᠂ ᠥᠪᠥᠷ ᠮᠣᠩᠭᠤᠯ ᠤᠨ ᠴᠢᠩ ᠴᠢ ᠪᠢᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 11 ᠠᠵᠤ ᠠᠬᠤᠶᠢᠯᠠᠯ ᠬᠠᠲᠤᠨ ᠭᠤᠤᠯ ᠤᠨ ᠰᠠᠪᠠ ᠭᠠᠵᠠᠷ ᠤᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠤᠨ ᠬᠠᠮᠵᠢᠯᠴᠠᠨ ᠬᠥᠭᠵᠢᠬᠦ ᠵᠢᠴᠢ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠦᠢᠯᠡᠰ ᠪᠤᠰᠬᠠᠵᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠬᠦᠯᠭᠡ ᠳᠤ ᠣᠷᠣᠯᠴᠠᠵᠤ᠂ ᠲᠤᠬᠠᠶ ᠶᠢᠨ ᠲᠠᠯᠠᠪᠠᠶ ᠳᠤ 2.8 ᠳ᠋ᠦᠩᠰᠢᠭᠤᠷ ᠲᠥᠭᠦᠷᠢᠭ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃      ᠣᠶᠢᠯᠠᠭᠠᠭᠰᠠᠨ ᠢᠶᠠᠷ᠂ ᠮᠠᠨ ᠤ ᠤᠷᠤᠨ ᠤ ᠦᠵᠡᠬᠦᠯᠭᠡ ᠳᠤ ᠣᠷᠣᠯᠴᠠᠭᠰᠠᠨ ᠠᠵᠤ ᠠᠬᠤᠶᠢᠯᠠᠯ ᠨᠢ ᠢᠳᠡᠭᠡᠨ ᠡᠳ᠋ᠰᠢᠭᠦᠯᠬᠦ᠂ ᠠᠮᠢᠳᠤᠷᠠᠯ ᠤᠨ ᠦᠢᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠤᠬᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ᠂ ᠬᠥᠬᠡᠨᠠᠭᠤᠷ᠂ ᠰᠧᠴᠤᠸᠠᠨ᠂ ᠭᠠᠨᠰᠦ᠂ ᠨᠢᠩᠰᠢᠶᠠ᠂ ᠱᠠᠨᠰᠢ᠂ ᠱᠠᠨ ᠰᠢ᠂ ᠾᠧᠨᠠᠨ᠂ ᠱᠠᠨᠳᠦ᠋ᠩ ᠵᠡᠷᠭᠡ ᠬᠠᠳᠤᠨ ᠭᠤᠣᠯ ᠳᠠᠭᠠᠤ ᠶᠢᠨ ᠶᠢᠰᠤᠨ ᠮᠤᠵᠢ ︵ᠣᠷᠣᠨ︶ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠬᠠᠮᠲᠤᠷᠠᠭᠰᠠᠨ ᠬᠤᠷᠠᠯ ᠬᠤᠷᠠᠯᠳᠤᠭᠤᠯᠵᠦ᠂ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠂ ᠶᠢᠰᠤᠨ ᠮᠤᠵᠢ ︵ᠣᠷᠣᠨ︶ ᠨᠢ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠤᠨ ᠬᠠᠮᠵᠢᠯᠴᠠᠨ ᠬᠥᠭᠵᠢᠬᠦ ᠲᠣᠭᠲᠠᠴᠠ ᠶᠢ ᠪᠠᠶᠢᠭᠤᠯᠬᠤ ᠪᠠᠷ ᠲᠠᠮᠵᠢᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ᠂ ᠴᠢᠳᠠᠪᠤᠷᠢᠲᠠᠨ ᠤ ᠰᠣᠯᠢᠯᠴᠠᠭ᠎ᠠ᠂ ᠦᠢᠯᠡᠰ ᠪᠤᠰᠬᠠᠵᠤ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠬᠦᠷᠢᠶ᠎ᠠ ᠴᠠᠷᠠᠭᠠᠨ ᠳᠤ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠡᠭᠦᠰᠬᠡᠨ ᠪᠠᠶᠢᠭᠤᠯᠤᠬᠰᠠᠨ ᠠᠵᠤ ᠠᠬᠤᠶᠢᠯᠠᠯ ᠤᠨ ᠬᠤᠯᠪᠣᠭ᠎ᠠ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠨᠠᠩ ᠣᠯᠠᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠡᠭᠦᠰᠬᠡᠨ ᠪᠠᠶᠢᠭᠤᠯᠤᠬᠰᠠᠨ ᠠᠵᠤ ᠠᠬᠤᠶᠢᠯᠠᠯ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ