78 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠤᠨ ᠦᠷᠬᠦᠯᠵᠢᠯᠡᠬᠦ ᠬᠦᠭᠵᠢᠯᠳᠡ ᠶᠢᠨ ᠳᠦᠷᠦᠬᠦᠴᠦᠳ ᠤᠨ ᠬᠤᠷᠠᠯ ᠳᠤ ᠤᠷᠳᠤᠰ ᠤᠨ ᠢᠯᠢ ᠪᠦᠯᠦᠭᠯᠡᠯ ᠤᠨ ᠳᠦᠯᠦᠭᠡᠯᠡᠭᠴᠢᠳ ᠤᠨ ᠪᠦᠯᠬᠦᠮ ᠬᠦᠪᠴᠢ ᠶᠢᠨ ᠡᠯᠡᠰᠦ ᠶᠢ ᠵᠠᠰᠠᠭᠰᠠᠨ ᠵᠠᠭᠪᠤᠷ ᠦᠷ᠎ᠡ ᠪᠦᠳᠦᠭᠡᠯ ᠢ ᠬᠤᠪᠢᠶᠠᠯᠴᠠᠪᠠ
ᠨᠡᠶᠢᠲᠡᠯᠡᠭᠰᠡᠨ ᠴᠠᠭ᠄
2023/10/8
     ᠳᠦᠷᠦᠬᠦᠭᠡᠨ 78 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠤᠨ ᠦᠷᠬᠦᠯᠵᠢᠯᠡᠬᠦ ᠬᠦᠭᠵᠢᠯᠳᠡ  ᠶᠢᠨ ᠳᠦᠷᠦᠬᠦᠴᠦᠳ ᠤᠨ ᠬᠤᠷᠠᠯ ᠬᠤᠷᠠᠯᠳᠤᠵᠤ᠂ ᠤᠷᠳᠤᠰ ᠤᠨ ᠬᠦᠪᠴᠢ  ᠶᠢᠨ ᠡᠯᠡᠰᠦ ᠶᠢ ᠵᠠᠰᠠᠭᠰᠠᠨ ᠢᠯᠢ ᠪᠦᠯᠦᠭᠯᠡᠯ ᠤᠨ ᠳᠦᠯᠦᠭᠡᠯᠡᠭᠴᠢᠳ ᠤᠨ ᠪᠦᠯᠬᠦᠮ ᠬᠤᠷᠠᠯ ᠳᠤ ᠤᠷᠤᠯᠴᠠᠭᠰᠠᠨ ᠪᠦᠭᠡᠳ ᠡᠯᠡᠰᠦ ᠶᠢ ᠵᠠᠰᠠᠭᠰᠠᠨ ᠵᠠᠭᠪᠤᠷ ᠳᠤᠷᠰᠢᠯᠭ᠎ᠠ ᠦᠷ᠎ᠡ ᠪᠦᠳᠦᠭᠡᠯ ᠢᠶᠠᠨ ᠳᠠᠶᠠᠭᠠᠷ ᠤᠯᠠᠨ ᠲᠠᠢ ᠬᠤᠪᠢᠶᠠᠯᠴᠠᠭᠰᠠᠨ ᠪᠠᠶᠢᠨ᠎ᠠ᠃     ᠤᠶᠢᠯᠠᠭᠠᠭᠰᠠᠨ ᠢᠶᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠦᠷᠭᠦᠯᠵᠢᠯᠡᠬᠦ ᠬᠥᠭᠵᠢᠯᠲᠡ ᠶᠢᠨ ᠲᠦᠷᠦᠭᠦᠴᠦᠳ ᠤᠨ ᠬᠤᠷᠠᠯ ᠬᠥᠮᠥᠨ ᠲᠥᠷᠥᠯᠬᠢᠲᠡᠨ ᠤ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠠᠷᠭᠠᠴᠠᠭᠠᠬᠤ ᠳᠤ ᠠᠪᠬᠤ ᠴᠢᠬᠤᠯᠠᠲᠠᠢ ᠲᠦᠷᠦ ᠢᠢᠨ ᠪᠣᠳᠣᠯᠭ᠎ᠠ ᠪᠣᠯᠣᠨ ᠠᠵᠢᠯᠯᠠᠭ᠎ᠠ ᠶᠢ ᠰᠤᠳᠤᠯᠤᠨ ᠶᠠᠷᠢᠯᠴᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠵᠦᠪᠯᠡᠵᠡᠢ᠃     ᠬᠤᠷᠠᠯ ᠳᠤ ᠤᠷᠳᠤᠰ ᠤᠨ ᠬᠦᠪᠴᠢ ᠶᠢᠨ ᠡᠯᠡᠰᠦ ᠶᠢ ᠵᠠᠰᠠᠭᠰᠠᠨ ᠢᠯᠢ ᠪᠦᠯᠦᠭᠯᠡᠯ ᠤᠨ ᠳᠦᠯᠦᠭᠡᠯᠡᠭᠴᠢᠳ ᠤᠨ ᠪᠦᠯᠬᠦᠮ ᠡᠯᠡᠰᠦ ᠶᠢ ᠵᠠᠰᠠᠭᠰᠠᠨ ᠵᠠᠭᠪᠤᠷ ᠳᠤᠷᠰᠢᠯᠭ᠎ᠠ ᠦᠷ᠎ᠡ ᠪᠦᠳᠦᠭᠡᠯ ᠢᠶᠠᠨ ᠲᠡᠯᠡᠬᠡᠢ ᠳ᠋ᠡᠬᠢᠨ ᠳᠤ ᠬᠤᠪᠢᠶᠠᠯᠴᠠᠵᠤ᠂ ᠤᠷᠳᠤᠰ ᠤᠨ ᠬᠦᠪᠴᠢ ᠶᠢᠨ ᠡᠯᠡᠰᠦ ᠶᠢᠨ ᠵᠠᠰᠠᠯᠳᠠ ᠨᠢ ︽ᠵᠠᠰᠠᠭ ᠤᠨ ᠤᠷᠳᠤᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠳᠡᠮᠵᠢᠯᠭᠡ ᠦᠵᠡᠬᠦᠯᠬᠦ᠂ ᠠᠵᠤ ᠠᠬᠤᠶᠢᠯᠠᠯ ᠠᠵᠤ ᠦᠢᠯᠡᠰᠵᠢᠬᠦᠯᠦᠨ ᠪᠡᠯᠡ ᠤᠷᠤᠭᠤᠯᠬᠤ᠂ ᠨᠡᠶᠢᠭᠡᠮ ᠪᠠ ᠮᠠᠯᠴᠢᠨ ᠳᠠᠷᠢᠶᠠᠴᠢᠨ ᠵᠠᠬ᠎ᠠ ᠳᠡᠯᠭᠡᠭᠦᠷᠴᠢᠯᠡᠨ ᠤᠷᠤᠯᠴᠠᠬᠤ᠂ ᠮᠡᠷᠭᠡᠵᠢᠯ ᠤᠨ ᠦᠷᠬᠦᠯᠵᠢᠯᠡᠨ ᠰᠢᠨ᠎ᠡ ᠶᠢ ᠡᠬᠦᠳᠬᠦ᠂ ᠦᠷ᠎ᠡ ᠪᠦᠳᠦᠭᠡᠯ ᠢ ᠨᠡᠭᠡᠭᠡᠯᠳᠡ ᠲᠠᠢ ᠪᠤᠯᠭᠠᠨ ᠬᠠᠮᠳᠤ ᠪᠠᠷ ᠡᠳ᠋ᠯᠡᠬᠦ︾ ᠡᠯᠡᠰᠦ ᠶᠢ ᠵᠠᠰᠠᠭᠰᠠᠨ ᠵᠠᠭᠪᠤᠷ ᠢ ᠡᠬᠦᠳᠴᠤ᠂ ᠬᠦᠪᠴᠢ ᠶᠢᠨ ᠡᠯᠡᠰᠦ ᠶᠢ ᠵᠠᠰᠠᠬᠤ ᠶᠠᠪᠤᠴᠠ ᠳᠠᠬᠢ ᠮᠡᠷᠭᠡᠵᠢᠯ᠂ ᠤᠰᠤᠨ ᠤ ᠡᠬᠢ ᠪᠠᠶᠠᠯᠢᠭ ᠵᠢᠴᠢ ᠪᠡᠯᠡ ᠮᠦᠩᠬᠦᠨ ᠤ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠶᠢᠳᠪᠦᠷᠢᠯᠡᠵᠦ᠂ ︽ᠪᠤᠳᠠᠯᠢᠭ ᠤᠷᠭᠤᠮᠠᠯ ᠢ ᠤᠯᠠᠨ ᠳᠠᠷᠢᠵᠤ᠂ ᠳᠤᠷᠤᠭ ᠮᠤᠳᠤ ᠶᠢ ᠴᠦᠭᠡᠨ ᠳᠠᠷᠢᠵᠤ᠂ ᠡᠪᠡᠰᠦ ᠨᠦᠬᠦᠪᠦᠷᠢᠯᠡᠨ ᠳᠠᠷᠢᠬᠤ︾ ᠡᠯᠡᠰᠦ ᠶᠢ ᠵᠠᠰᠠᠵᠤ ᠨᠤᠭᠤᠭᠠᠷᠠᠭᠤᠯᠬᠤ ᠬᠠᠷᠢᠴᠠᠯ ᠤᠨ ᠠᠷᠭ᠎ᠠ ᠶᠢ ᠰᠢᠨ᠎ᠡ ᠪᠠᠷ ᠡᠬᠦᠳᠴᠦ᠂ ᠤᠰᠤ ᠠᠷᠪᠢᠯᠠᠬᠤ ᠬᠡᠯᠪᠡᠷᠢ ᠶᠢᠨ ᠪᠤᠳᠠᠯᠢᠭ ᠤᠷᠭᠤᠮᠠᠯ ᠤᠨ ᠦᠷ᠎ᠡ ᠶᠢᠨ ᠮᠡᠷᠭᠡᠵᠢᠯ᠂ ᠰᠠᠯᠬᠢᠨ ᠤ ᠴᠢᠭᠯᠡᠯ ᠤᠨ ᠳᠤᠭ᠎ᠠ ᠪᠠᠷᠢᠮᠳᠠ ᠪᠠᠷ ᠮᠤᠳᠤ ᠳᠠᠷᠢᠬᠤ ᠮᠡᠷᠭᠡᠵᠢᠯ ᠵᠢᠴᠢ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠵᠡᠷᠭᠡ ᠳᠤᠭᠠᠴᠢᠯᠠᠭᠰᠠᠨ ᠤᠶᠤᠨᠴᠢᠯᠠᠭᠰᠠᠨ ᠡᠯᠡᠰᠦ ᠶᠢ ᠵᠠᠰᠠᠬᠤ ᠭᠤᠤᠯᠯᠠᠭᠴᠢ ᠮᠡᠷᠭᠡᠵᠢᠯ ᠤᠨ ᠰᠢᠨ᠎ᠡ ᠶᠢ ᠡᠬᠦᠳᠴᠦ᠂ ᠡᠯᠡᠰᠦ ᠶᠢ ᠵᠠᠰᠠᠬᠤ ᠪᠠ ᠰᠢᠨ᠎ᠡ ᠡᠨᠧᠷᠬᠢ ᠶᠢ ᠠᠭᠤᠰᠤᠯᠴᠠᠭᠤᠯᠤᠨ ᠬᠦᠭᠵᠢᠬᠦᠯᠦᠭᠰᠡᠨ ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠵᠦ᠂ ᠳᠤᠬᠠᠢ ᠶᠢᠨ ᠭᠠᠵᠠᠷ ᠤᠨ 10 ᠳᠦᠮᠡ ᠭᠠᠷᠤᠢ ᠮᠠᠯᠴᠢᠨ ᠳᠠᠷᠢᠶᠠᠴᠢᠨ ᠢ ᠪᠠᠶᠠᠵᠢᠯ ᠤᠨ ᠵᠠᠮ ᠳᠤ ᠤᠷᠤᠭᠤᠯᠵᠠᠢ᠃ ᠡᠬᠦᠨ ᠤ ᠬᠠᠮᠳᠤ ᠬᠦᠪᠴᠢ ᠶᠢᠨ ᠡᠯᠡᠰᠦ ᠶᠢᠨ ᠪᠦᠬᠦ ᠳᠠᠯᠠᠪᠠᠢ ᠶᠢᠨ 1/3 ᠶᠢ ᠨᠤᠭᠤᠭᠠᠷᠠᠭᠤᠯᠵᠤ᠂ ᠰᠠᠯᠬᠢ ᠰᠢᠭᠤᠷᠭ᠎ᠠ ᠶᠢᠨ ᠭᠠᠮᠰᠢᠭ ᠢ 90 % ᠪᠠᠷ ᠪᠠᠭᠠᠰᠬᠠᠵᠤ᠂ ᠠᠮᠢᠳᠠᠨ ᠤᠷᠭᠤᠮᠠᠯ ᠤᠨ ᠳᠦᠷᠦᠯ ᠢ ᠤᠤᠯ ᠤᠨ 100 ᠭᠠᠷᠤᠢ ᠪᠠᠶᠢᠭᠰᠠᠨ ᠠᠴᠠ ᠪᠠᠨ ᠤᠳᠤᠬᠠᠨ ᠪᠤᠯᠬᠤ ᠳᠤ 1000 ᠶᠢ ᠳᠠᠪᠠᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠪᠠ ᠠᠵᠤ ᠠᠬᠤᠢ ᠶᠢᠨ ᠬᠦᠭᠵᠢᠯᠳᠡ ᠠᠷᠠᠳ ᠤᠯᠠᠨ ᠤ ᠪᠠᠶᠠᠵᠢᠯ ᠢ ᠨᠢᠭᠡ ᠴᠤᠭᠴᠠᠵᠢᠭᠤᠯᠤᠭᠰᠠᠨ ᠬᠠᠮᠳᠤ ᠶᠢᠨ ᠴᠤᠭᠴᠠ ᠶᠢ ᠪᠦᠷᠢᠯᠳᠦᠬᠦᠯᠵᠡᠢ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ