2023 ᠤᠨ ᠤ ᠦᠪᠦᠷ ᠮᠤᠩᠭᠤᠯ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠳᠤᠳᠤᠷᠠᠯ᠎ᠠ
ᠨᠡᠶᠢᠲᠡᠯᠡᠭᠰᠡᠨ ᠴᠠᠭ᠄
2023/10/8
     ᠡᠮᠦᠨᠡᠬᠡᠨ 2023 ᠤᠨ ᠤ ᠦᠪᠦᠷ ᠮᠤᠩᠭᠤᠯ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠵᠢᠴᠢ ᠦᠪᠦᠷ ᠮᠤᠩᠭᠤᠯ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠪᠤᠭᠤᠲᠤ ᠳᠤ ᠤᠷᠤᠬᠤ ᠠᠵᠢᠯᠯᠠᠭ᠎ᠠ ᠶᠠᠪᠤᠬᠳᠠᠵᠦ᠂ 100 ᠬᠦᠴᠦᠷᠭᠡᠭ ᠤᠨ ᠨᠡᠷᠡᠰ ᠤᠨ ᠵᠢᠬᠰᠠᠭᠠᠯᠳᠠ ᠶᠢ ᠨᠡᠶᠢᠳᠡᠯᠡᠭᠰᠡᠨ ᠪᠠᠶᠢᠨ᠎ᠠ᠃     ᠤᠶᠢᠯᠠᠭᠠᠭᠰᠠᠨ ᠢᠶᠠᠷ᠂ 2022 ᠤᠨ ᠳᠤ᠂ ᠦᠪᠡᠷᠳᠡᠭᠡᠨ ᠵᠠᠰᠠᠬᠤ ᠤᠷᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠭᠵᠢᠯᠳᠠ ᠶᠢ ᠠᠬᠢᠭᠤᠯᠬᠤ ᠳᠤᠬᠠᠢ ᠦᠨᠳᠤᠰᠤᠨ ᠪᠤᠳᠤᠯᠭ᠎ᠠ ᠴᠢᠭᠯᠡᠯᠳᠡ ᠪᠤᠯᠤᠨ ᠰᠶᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠡᠯ᠎ᠠ ᠪᠠᠷ ᠨᠠᠶᠢᠳᠡᠪᠤᠷᠢᠵᠢᠭᠤᠯᠵᠤ᠂ ︽ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠡ ᠶᠢ ᠴᠢᠨᠠᠭᠰᠢᠳᠠ ᠲᠡᠮᠵᠢᠬᠦ ᠳᠤᠬᠠᠢ ᠠᠷᠭ᠎ᠠ ᠬᠡᠮᠵᠢᠶ᠎ᠠ︾᠂ ︽ᠲᠤᠳᠤᠨᠤ ᠴᠢᠬᠡᠴᠢ ᠰᠢᠨ᠎ᠠ ᠬᠡᠯᠪᠡᠷᠢ ᠶᠢᠨ ᠵᠠᠰᠠᠭ ᠤᠨ ᠤᠷᠳᠤᠨ ᠪᠤᠯᠤᠨ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠲᠤᠬᠠᠢ ᠰᠠᠨᠠᠯ︾ ᠵᠡᠷᠭᠡ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠨᠡᠶᠢᠳᠡᠯᠡᠵᠤ᠂ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠬᠦᠯᠦᠨ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠦᠴᠢᠷᠳᠠᠯ ᠢ ᠰᠶᠢᠳᠪᠦᠷᠢᠯᠡᠨ ᠪᠤᠳᠠᠳᠤ ᠶᠠᠪᠤᠳᠠᠯ ᠬᠢᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠦᠮᠴᠢᠯᠡᠯ ᠤᠨ ᠡᠷᠭᠡ ᠪᠤᠯᠤᠨ ᠠᠵᠤ ᠠᠬᠤᠶᠢᠯᠠᠯᠳᠠᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢᠨ ᠲᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢ ᠠᠬᠢᠭᠤᠯᠵᠤ᠂ ᠲᠤᠬᠳᠠᠭᠤᠨ ᠤ ᠲᠤᠮᠳᠠ ᠤᠷᠤᠭᠰᠢᠯᠠᠬᠤ᠂ ᠲᠤᠬᠳᠠᠭᠤᠨ ᠤ ᠲᠤᠮᠳᠠ ᠰᠠᠶᠢᠵᠢᠷᠠᠬᠤ ᠬᠦᠭᠵᠢᠯᠳᠡ ᠶᠢᠨ ᠪᠠᠶᠢᠳᠠᠯ ᠢᠯᠡᠷᠡᠵᠦ᠂ ᠨᠢᠭᠡ ᠪᠦᠯᠦᠭ ᠤᠨᠴᠠᠯᠢᠬᠳᠤ ᠲᠠᠪᠠᠭᠤᠯᠢᠬᠳᠤ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠯᠠᠮ ᠨᠢᠭᠡ ᠠᠯᠬᠤᠮ ᠬᠦᠭᠵᠢᠨ ᠪᠤᠵᠠᠭᠠᠶᠢᠷᠠᠬᠰᠠᠨ ᠪᠠᠶᠢᠨ᠎ᠠ᠃     2022 ᠤᠨ ᠳᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠬᠦᠷᠢᠶᠠᠨ ᠳᠤ ᠤᠷᠤᠬᠤ ᠪᠤᠱᠤᠭ᠎ᠠ 20.70 ᠳ᠋ᠦᠩᠰᠢᠭᠤᠷ ᠲᠦᠭᠦᠷᠢᠭ ᠠᠴᠠ ᠪᠠᠨ 26.44 ᠳ᠋ᠦᠩᠰᠢᠭᠤᠷ ᠲᠦᠭᠦᠷᠢᠭ ᠪᠤᠯᠤᠨ ᠲᠡᠬᠡᠭᠰᠢᠯᠡᠵᠤ᠂ ᠲᠡᠭᠡᠷ᠎ᠠ ᠵᠢᠯ ᠤᠨ ᠬᠢ ᠠᠴᠠ 27.7 % ᠪᠠᠷ ᠨᠡᠮᠡᠭᠳᠡᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠡᠵᠡᠩᠨᠡᠯᠳᠡ ᠶᠢᠨ ᠤᠷᠤᠯᠭ᠎ᠠ ᠶᠢᠨ ᠶᠡᠷᠦᠩᠬᠡᠢ ᠬᠡᠮᠵᠢᠶ᠎ᠠ ᠨᠢ 11114.95 ᠳ᠋ᠦᠩᠰᠢᠭᠤᠷ ᠲᠦᠭᠦᠷᠢᠭ ᠲᠤ ᠬᠦᠷᠴᠦ᠂ ᠲᠡᠭᠡᠷ᠎ᠠ ᠵᠢᠯ ᠤᠨ ᠬᠢ ᠠᠴᠠ 19.39 % ᠪᠠᠷ ᠨᠡᠮᠡᠭᠳᠡᠵᠠᠢ᠃ ᠡᠵᠡᠩᠨᠡᠯᠳᠡ ᠶᠢᠨ ᠤᠷᠤᠯᠭ᠎ᠠ ᠨᠢ 100 ᠳ᠋ᠦᠩᠰᠢᠭᠤᠷ ᠲᠦᠭᠦᠷᠢᠭ ᠢ ᠲᠠᠪᠠᠭᠰᠠᠨ ᠠᠵᠤ ᠠᠬᠤᠶᠢᠯᠠᠯ 32 ᠪᠠᠶᠢᠵᠤ᠂ ᠡᠵᠡᠩᠨᠡᠯᠳᠡ ᠶᠢᠨ ᠤᠷᠤᠯᠭ᠎ᠠ ᠨᠢ 50 ᠳ᠋ᠦᠩᠰᠢᠭᠤᠷ ᠲᠦᠭᠦᠷᠢᠭ ᠢ ᠲᠠᠪᠠᠭᠰᠠᠨ ᠠᠵᠤ ᠠᠬᠤᠶᠢᠯᠠᠯ 58 ᠪᠤᠯᠵᠤ᠂ ᠲᠤᠰ ᠪᠦᠷᠢ ᠲᠡᠭᠡᠷ᠎ᠠ ᠵᠢᠯ ᠤᠨ ᠬᠢ ᠠᠴᠠ 8 ᠨᠡᠮᠡᠭᠳᠡᠵᠠᠢ᠃ ᠢᠯᠢ ᠪᠦᠯᠦᠭᠯᠡᠯ ᠤᠨ ᠡᠵᠡᠩᠨᠡᠯᠳᠡ ᠶᠢᠨ ᠤᠷᠤᠯᠭ᠎ᠠ 1231.71 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠤᠷᠤᠨ ᠳᠤ ᠦᠷᠬᠦᠯᠵᠢᠯᠡᠨ ᠲᠡᠷᠢᠬᠦᠨ ᠪᠠᠶᠢᠷᠢ ᠪᠠᠨ ᠪᠠᠷᠢᠮᠳᠠᠯᠠᠪᠠ᠃ ᠢᠯᠢ ᠪᠦᠯᠦᠭᠯᠡᠯ᠂ ᠤᠷᠳᠤᠰ ᠪᠦᠯᠦᠭᠯᠡᠯ᠂ ᠢ ᠲᠠᠢ ᠪᠦᠯᠦᠭᠯᠡᠯ ᠂ ᠬᠤᠢ ᠨᠧᠩ ᠪᠦᠯᠦᠭᠯᠡᠯ᠂ ᠮᠧᠩ ᠲᠠᠢ ᠪᠦᠯᠦᠭᠯᠡᠯ ᠵᠡᠷᠬᠡ 5 ᠠᠵᠤ ᠠᠬᠤᠶᠢᠯᠠᠯ 2022 ᠤᠨ ᠤ ᠲᠤᠮᠳᠠᠳᠤ ᠤᠯᠤᠰ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 500 ᠬᠦᠴᠦᠷᠭᠡᠭ ᠲᠤ ᠵᠢᠬᠰᠠᠭᠠᠬᠳᠠᠵᠠᠢ᠃      2022 ᠤᠨ ᠳᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠲᠤᠳᠤᠷ᠎ᠠ 94 ᠨᠢ ᠬᠤᠶᠠᠳᠤᠭᠠᠷ ᠠᠵᠤ ᠦᠢᠯᠡᠰ ᠲᠤ ᠬᠠᠷᠢᠶᠠᠯᠠᠬᠳᠠᠵᠦ᠂ ᠡᠵᠡᠩᠨᠡᠯᠳᠡ ᠶᠢᠨ ᠤᠷᠤᠯᠭ᠎ᠠ ᠶᠢᠨ ᠡᠵᠡᠯᠡᠬᠦ ᠬᠠᠷᠢᠴᠠᠯ ᠨᠢ 95.34 % ᠳᠤ ᠬᠦᠷᠴᠠᠢ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠲᠤᠳᠤᠷ᠎ᠠ ᠨᠠᠶᠢᠳᠠ 71 ᠡᠨᠧᠷᠬᠢ᠂ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠵᠢᠴᠢ ᠪᠤᠬᠢᠷᠳᠤᠯ ᠦᠭᠡᠢ ᠮᠠᠯ ᠤᠨ ᠠᠰᠢᠬ ᠰᠢᠮ᠎ᠠ ᠶᠢᠨ ᠪᠦᠳᠤᠬᠡᠭᠳᠡᠬᠦᠨ ᠢ ᠡᠳ᠋ᠰᠢᠬᠦᠯᠬᠦ ᠠᠵᠤ ᠠᠬᠤᠶᠢᠯᠠᠯ ᠪᠠᠶᠢᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ 100 ᠬᠦᠴᠦᠷᠭᠡᠭ ᠤᠨ ᠡᠵᠡᠩᠨᠡᠯᠳᠡ ᠶᠢᠨ ᠤᠷᠤᠯᠭ᠎ᠠ ᠶᠢᠨ 81.46 % ᠶᠢ ᠡᠵᠡᠯᠡᠵᠦ᠂ ᠮᠠᠨ ᠤ ᠤᠷᠤᠨ ᠤ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠳᠤ ᠲᠡᠭᠡᠳᠤ ᠬᠡᠮᠵᠢᠶ᠎ᠠ ᠪᠠᠷ ᠨᠡᠶᠢᠴᠡᠭᠰᠡᠨ ᠪᠠᠶᠢᠨ᠎ᠠ᠃      ᠪᠦᠬᠦ ᠤᠷᠤᠨ ᠤ 12 ᠠᠶᠢᠮᠠᠭ ᠬᠤᠳᠠ ᠳᠤ ᠪᠦᠷ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠵᠠᠭᠤᠨ ᠬᠦᠴᠦᠷᠭᠡᠭ ᠤᠨ ᠬᠦᠷᠢᠶᠠᠨ ᠳᠤ ᠤᠷᠤᠬᠰᠠᠨ ᠠᠵᠤ ᠠᠬᠤᠶᠢᠯᠡᠯ ᠪᠤᠢ᠃ ᠡᠭᠦᠨ ᠳᠤ ᠤᠷᠳᠤᠰ ᠬᠤᠳᠠ ᠶᠢᠨ 26 ᠠᠵᠤ ᠠᠬᠤᠶᠢᠯᠠᠯ ᠪᠠᠶᠢᠵᠤ᠂ ᠪᠦᠬᠦ ᠤᠷᠤᠨ ᠳᠤ ᠲᠡᠷᠢᠭᠦᠯᠠᠵᠠᠢ᠃ ᠪᠤᠭᠤᠲᠤ ᠬᠤᠳᠠ ᠶᠢᠨ 21 ᠠᠵᠤ ᠠᠬᠤᠶᠢᠯᠠᠯ ᠪᠠᠶᠢᠵᠤ᠂ ᠬᠤᠶᠠᠳᠤᠭᠠᠷ ᠲᠤ ᠵᠢᠬᠰᠠᠭᠠᠭᠳᠠᠬᠰᠠᠨ ᠪᠠᠶᠢᠨ᠎ᠠ᠃ ᠬᠦᠬᠡᠬᠤᠳᠠ ᠪᠤᠯᠤᠨ ᠦᠬᠠᠢ ᠠᠴᠠ ᠲᠤᠰ ᠪᠦᠷᠢ 10 ᠠᠵᠤ ᠠᠬᠤᠶᠢᠯᠠᠯ ᠪᠠᠶᠢᠵᠤ᠂ ᠭᠤᠷᠪᠠᠳᠤᠭᠠᠷ ᠲᠤ ᠪᠠᠶᠢᠷᠢᠯᠠᠵᠠᠢ᠃    
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ