ᠠᠷᠠᠳ ᠤᠨ ᠰᠦᠯᠵᠢᠶ᠎ᠡ᠄ ᠰᠢᠤᠢ ᡁᠢ ᠹᠧᠩ᠄ ︽ᠳᠤᠮᠳᠠᠳᠤ ᠤᠯᠤᠰ ᠤᠨ ᠪᠠᠷᠢᠮᠵᠢᠶ᠎ᠠ︾ ︽ᠳᠤᠮᠳᠠᠳᠤ ᠤᠯᠤᠰ ᠤᠨ ᠲᠥᠰᠦᠯ︾ ᠢ ︽ᠭᠠᠳᠠᠭᠰᠢ ᠭᠠᠷᠭᠠᠨ᠎ᠠ︾
ᠨᠡᠶᠢᠲᠡᠯᠡᠭᠰᠡᠨ ᠴᠠᠭ᠄
2023/10/9
     ︽ᠤᠰᠤᠨ ᠠᠰᠢᠭᠯᠠᠯᠲᠠ ᠶᠢᠨ ︿ᠨᠢᠭᠡ ᠪᠦᠰᠡ ᠨᠢᠭᠡ ᠵᠠᠮ﹀ ᠤᠨ ᠪᠥᠲᠥᠭᠡᠨ ᠪᠠᠶᠢᠭᠤᠯᠤᠯᠲᠠ ᠨᠢ ᠤᠯᠤᠰ ᠤᠨ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠣᠯᠠᠨ ᠢᠶᠠᠷ ᠢᠶᠠᠨ ᠮᠡᠳᠡᠵᠦ ᠪᠠᠶᠢᠨ᠎ᠠ᠂ ︿ᠳᠤᠮᠳᠠᠳᠤ ᠤᠯᠤᠰ ᠤᠨ ᠪᠠᠷᠢᠮᠵᠢᠶ᠎ᠠ﹀ ︿ᠳᠤᠮᠳᠠᠳᠤ ᠤᠯᠤᠰ ᠤᠨ ᠲᠥᠰᠦᠯ﹀ ᠨᠢ ᠴᠦ ᠤᠯᠠᠮ ᠠᠴᠠ ᠤᠯᠠᠮ ᠣᠯᠠᠨ ᠭᠠᠳᠠᠭᠠᠳᠤ ᠳᠤ ᠭᠠᠷᠴᠤ᠂ ᠡᠷᠬᠢᠨ ᠲᠣᠭᠤᠷᠢᠨ ᠤ ᠤᠯᠤᠰ ᠤᠳ ᠢ ᠬᠠᠪᠰᠤᠷᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠲᠠᠰᠤᠷᠠᠯᠲᠠ ᠥᠬᠡᠶ ᠨᠡᠮᠡᠭᠳᠡᠭᠦᠯᠵᠦ ᠪᠠᠶᠢᠨ᠎ᠠ︾ ᠭᠡᠵᠦ ᠣᠶᠢᠷ᠎ᠠ ᠳᠤ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠴᠠᠬᠢᠯᠭᠠᠨᠵᠢᠯᠲᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠰᠢᠤᠢ ᡁᠢ ᠹᠧᠩ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠵᠡᠶ᠃        ᠤᠶᠢᠷ᠎ᠠ ᠶᠢᠨ ᠵᠢᠯ ᠠᠴᠠ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠠᠵᠢᠯ ᠲᠦᠷᠦᠯ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠤᠰᠤᠨ ᠠᠰᠢᠭᠯᠠᠯᠲᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠪᠥᠮᠪᠥᠷᠴᠡᠭ ᠤᠨ ᠤᠰᠤᠨ ᠤ ᠵᠠᠰᠠᠯᠲᠠ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠤᠷᠰᠢᠯᠭ᠎ᠠ᠂ ᠳᠤᠮᠳᠠᠳᠤ ᠤᠯᠤᠰ ᠤᠨ ᠲᠥᠰᠦᠯ ᠢ ᠬᠠᠩᠭᠠᠪᠠ᠃          ᠰᠢᠤᠢ ᡁᠢ ᠹᠧᠩ ᠲᠠᠨᠢᠯᠴᠠᠭᠤᠯᠤᠭᠰᠠᠨ ᠨᠢ᠂ ᠤᠯᠤᠰ ᠤᠨ ᠤᠰᠤᠨ ᠤ ᠡᠬᠢ ᠪᠠᠶᠠᠯᠢᠭ ᠢ ᠬᠠᠮᠲᠤ ᠪᠠᠷ ᠪᠥᠲᠥᠭᠡᠨ ᠪᠠᠶᠢᠭᠤᠯᠬᠤ ᠶᠡᠷᠦᠩᠬᠡᠶ ᠬᠡᠮᠵᠢᠶ᠎ᠡ ᠬᠠᠷᠢᠴᠠᠩᠭᠤᠶ ᠪᠠᠷ ᠳᠤᠲᠠᠮᠠᠭ ᠪᠠᠶᠢᠵᠤ᠂ ᠮᠠᠰᠢ ᠣᠯᠠᠨ ᠤᠯᠤᠰ ᠪᠠ ᠭᠠᠵᠠᠷ ᠣᠷᠣᠨ ᠳᠤ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ ᠲᠡᠭᠰᠢ ᠪᠤᠰᠤ᠂ ᠦᠶᠡᠷ ᠤᠰᠤᠲᠤᠯ᠂ ᠭᠠᠩ ᠬᠠᠭᠰᠠᠷᠠᠭᠠᠨ ᠵᠡᠷᠭᠡ ᠪᠠᠶᠢᠭᠠᠯᠢ ᠶᠢᠨ ᠭᠠᠮᠰᠢᠭ ᠣᠯᠠᠨᠲᠠ ᠡᠭᠦᠰᠬᠦ᠂ ᠤᠰᠤᠨ ᠤ ᠡᠬᠢ ᠪᠠᠶᠠᠯᠢᠭ ᠳᠤᠲᠠᠭᠳᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠭᠤᠷ ᠠᠮᠢᠰᠬᠤᠯ᠂ ᠡᠬᠢ ᠪᠠᠶᠠᠯᠢᠭ ᠤᠨ ᠲᠥᠷᠥᠯᠬᠢ ᠳᠠᠪᠠᠭᠤᠯᠢᠭ ᠵᠡᠷᠭᠡ ᠬᠦᠴᠦᠨ ᠵᠦᠶᠯ ᠤᠨ ᠨᠥᠯᠥᠭᠡ ᠠᠴᠠ ᠪᠣᠯᠵᠣ᠂ ᠤᠯᠤᠰ ᠤᠨ ᠤᠰᠤᠨ ᠤ ᠡᠬᠢ ᠪᠠᠶᠠᠯᠢᠭ ᠢ ᠬᠠᠮᠲᠤ ᠪᠠᠷ ᠪᠥᠲᠥᠭᠡᠨ ᠪᠠᠶᠢᠭᠤᠯᠵᠤ ᠨᠡᠭᠡᠭᠡᠨ ᠠᠰᠢᠭᠯᠠᠬᠤ ᠪᠠ ᠬᠠᠮᠢᠶᠠᠷᠬᠤ ᠴᠢᠬᠤᠯᠠᠲᠠᠶ ᠪᠠᠶᠢᠨ᠎ᠠ᠃      ︽ᠣᠯᠠᠨ ᠵᠢᠯ ᠤᠨ ᠲᠤᠷᠰᠢ᠂ ᠪᠢᠳᠡ ᠭᠠᠳᠠᠭᠠᠳᠤ ᠳᠤ ᠲᠤᠰᠠᠯᠠᠬᠤ ᠪᠣᠯᠪᠠᠰᠤᠷᠠᠯ ᠤᠨ ᠲᠥᠷᠥᠯ ᠵᠦᠶᠯ ᠢ ᠡᠭᠦᠷᠭᠡᠯᠡᠬᠦ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠥᠷᠨᠢᠭᠦᠯᠬᠦ᠂ ᠭᠠᠳᠠᠭᠠᠳᠤ ᠳᠠᠬᠢ ᠮᠡᠷᠭᠡᠵᠢᠯ ᠢ ᠰᠢᠯᠵᠢᠭᠦᠯᠬᠦ ᠲᠥᠪ / ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠣᠯᠠᠨ ᠤᠯᠤᠰ ᠤᠨ ᠬᠤᠷᠠᠯ ᠡᠷᠭᠢᠯᠡᠬᠦ ᠵᠢᠴᠢ ᠣᠯᠠᠨ ᠲᠠᠯ᠎ᠠ ᠪᠠ ᠬᠤᠶᠠᠷ ᠲᠠᠯ᠎ᠠ ᠶᠢᠨ ᠮᠡᠷᠭᠡᠵᠢᠯ ᠤᠨ ᠰᠣᠯᠢᠯᠴᠠᠭ᠎ᠠ ᠥᠷᠨᠢᠭᠦᠯᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ ᠂ ᠪᠤᠰᠤᠳ ᠬᠥᠭᠵᠢᠵᠦ ᠪᠠᠶᠢᠭ᠎ᠠ ᠤᠯᠤᠰ ᠯᠤᠭ᠎ᠠ ᠵᠢᠵᠢᠭ ᠤᠰᠤᠨ ᠴᠠᠬᠢᠯᠭᠠᠨ ᠤ ᠮᠡᠷᠭᠡᠵᠢᠯ ᠤᠨ ᠴᠢᠳᠠᠪᠤᠷᠢ᠂ ᠮᠡᠳᠡᠯᠭᠡ ᠶᠢᠨ ᠬᠢᠷᠢ ᠲᠦᠪᠰᠢᠨ ᠵᠢᠴᠢ ᠲᠥᠷᠥ ᠶᠢᠨ ᠪᠣᠳᠣᠯᠭ᠎ᠠ ᠶᠢᠨ ᠲᠤᠷᠰᠢᠯᠭ᠎ᠠ ᠪᠠᠨ ᠬᠤᠪᠢᠶᠠᠯᠴᠠᠵᠤ᠂ ︿ᠨᠢᠭᠡ ᠪᠦᠰᠡ ᠨᠢᠭᠡ ᠵᠠᠮ﹀ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠭᠦᠨᠵᠡᠭᠡᠶ ᠦᠶᠯᠡᠳᠦᠯᠭᠡᠵᠢᠭᠦᠯᠦᠨ ᠂ ᠬᠤᠯᠪᠣᠭᠳᠠᠯ ᠪᠥᠬᠦᠶ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠮᠡᠷᠭᠡᠵᠢᠯ ᠤᠨ ᠳᠠᠪᠰᠢᠯᠲᠠ ᠪᠠ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠶᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ︾ ᠭᠡᠵᠦ ᠰᠢᠤᠢ ᡁᠢ ᠹᠧᠩ ᠬᠡᠯᠡᠪᠡ᠃      ᠰᠢᠤᠢ ᡁᠢ ᠹᠧᠩ ᠲᠠᠨᠢᠯᠴᠠᠭᠤᠯᠬᠤ ᠳᠠᠭᠠᠨ᠂ ᠮᠡᠷᠭᠡᠵᠢᠯ ᠤᠨ ᠲᠤᠰᠠᠯᠠᠮᠵᠢ ᠦᠵᠡᠭᠦᠯᠬᠦ ᠪᠠᠷ ᠳᠠᠮᠵᠢᠭᠤᠯᠤᠨ᠂ ᠫᠠᠺᠢᠰᠲ᠋ᠠᠨ᠂ ᠢᠨᠳᠣᠨᠧᠰᠢᠶ᠎ᠠ᠂ ᠡᠧᠽᠢᠤᠫᠢᠶ᠎ᠠ᠂ ᠰᠧᠷᠪᠢᠶ᠎ᠠ ᠵᠡᠷᠭᠡ ᠲᠠᠢ ᠮᠡᠷᠭᠡᠵᠢᠯ ᠤᠨ ᠪᠣᠯᠪᠠᠰᠤᠷᠠᠯ᠂ ᠬᠠᠮᠲᠤᠷᠠᠭᠰᠠᠨ ᠰᠤᠳᠤᠯᠭᠠᠨ᠂ ᠲᠥᠷᠥᠯ ᠵᠦᠶᠯ ᠤᠨ ᠵᠢᠱᠢᠶ᠎ᠡ ᠦᠵᠡᠭᠦᠯᠬᠦ ᠪᠠ ᠮᠡᠷᠭᠡᠵᠢᠯ ᠤᠨ ᠳᠡᠯᠭᠡᠷᠡᠭᠦᠯᠦᠯᠲᠡ ᠥᠷᠨᠢᠭᠦᠯᠵᠦ᠂ ᠣᠷᠣᠨ ᠪᠦᠰᠡ ᠶᠢᠨ ᠴᠢᠨᠠᠷᠲᠠᠶ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠦᠨ᠎ᠡ᠃         ︽ᠪᠢᠳᠡ ᠪᠠᠰᠠ ᠬᠠᠮᠲᠤ ᠪᠠᠷ ᠪᠠᠶᠢᠭᠤᠯᠬᠤ ᠤᠯᠤᠰ ᠲᠤ ᠴᠢᠳᠠᠪᠤᠷᠢᠲᠠᠨ ᠤ ᠳᠡᠮᠵᠢᠯᠭᠡ ᠬᠠᠩᠭᠠᠨ᠎ᠠ︾᠃ ︽ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠠᠳᠠᠭᠠᠳᠤ ᠳᠤ ᠲᠤᠰᠠᠯᠠᠮᠵᠢ ᠦᠵᠡᠭᠦᠯᠬᠦ ᠪᠣᠯᠪᠠᠰᠤᠷᠠᠯ ᠢ ᠳᠠᠭᠠᠭᠠᠨ ᠡᠷᠭᠢᠯᠡᠬᠦ ᠪᠠᠷ ᠨᠠᠶᠢᠳᠠᠭᠰᠠᠨ ᠠᠩᠬᠠᠨ ᠤ ᠪᠦᠯᠦᠭ ᠨᠢᠭᠡᠴᠢ ᠵᠢᠴᠢ ᠤᠰᠤᠨ ᠠᠰᠢᠭᠯᠠᠯᠲᠠ ᠶᠢᠨ ᠰᠢᠰᠲ᠋ᠧᠮ ᠤᠨ ᠴᠣᠷ ᠤᠨ ᠭᠠᠭᠴᠠ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠪᠣᠯᠪᠠᠰᠤᠷᠠᠯ ᠤᠨ ᠵᠦᠶᠯᠡᠰ ᠢ ᠡᠭᠦᠷᠭᠡᠯᠡᠵᠦ ᠳᠡᠶᠢᠯᠬᠦ ᠨᠢᠭᠡᠴᠡ ᠪᠣᠯᠤᠭᠰᠠᠨ ᠤ ᠬᠤᠪᠢ ᠳᠤ᠂ ᠪᠠᠶᠢᠭᠤᠯᠤᠭᠳᠠᠭᠰᠠᠨ ᠠᠴᠠ ᠨᠠᠭᠠᠰᠢ᠂ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠵᠢᠵᠢᠭ ᠤᠰᠤᠨ ᠴᠠᠬᠢᠯᠭᠠᠨ ᠤ ᠰᠤᠳᠤᠯᠭᠠᠨ ᠤ ᠪᠣᠯᠪᠠᠰᠤᠷᠠᠯ ᠤᠨ ᠲᠥᠪ ᠨᠢᠭᠡᠨᠲᠡ 155 ᠬᠤᠭᠤᠴᠠᠭᠠᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠪᠣᠯᠪᠠᠰᠤᠷᠠᠯ ᠪᠠ ᠰᠤᠳᠤᠯᠤᠨ ᠰᠤᠷᠤᠯᠴᠠᠬᠤ ᠠᠩᠭᠢ ᠶᠢ ᠠᠮᠵᠢᠯᠲᠠ ᠲᠠᠢ ᠡᠷᠭᠢᠯᠡᠵᠦ᠂ 123 ᠤᠯᠤᠰ ᠲᠤ 5000 ᠭᠠᠷᠤᠶ ᠤᠰᠤ ᠲᠠᠢ ᠬᠤᠯᠪᠣᠭᠳᠠᠭᠰᠠᠨ ᠬᠦᠷᠢᠶᠡᠨ ᠤ ᠵᠠᠰᠠᠭ ᠤᠨ ᠣᠷᠳᠣᠨ ᠤ ᠲᠤᠰᠢᠶᠠᠯᠲᠠᠨ ᠪᠠ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠬᠥᠮᠦᠵᠢᠭᠦᠯᠵᠦ ᠥᠭᠴᠡᠶ︾ ᠭᠡᠵᠦ ᠰᠢᠤᠢ ᡁᠢ ᠹᠧᠩ ᠬᠡᠯᠡᠵᠡᠢ᠃         ᠰᠢᠤᠢ ᡁᠢ ᠹᠧᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠵᠢᠵᠢᠭ ᠤᠰᠤᠨ ᠴᠠᠬᠢᠯᠭᠠᠨ ᠤ ᠰᠤᠳᠤᠯᠭᠠᠨ ᠤ ᠪᠤᠯᠪᠠᠰᠤᠷᠠᠯ ᠤᠨ ᠲᠥᠪ ᠨᠢ ᠬᠠᠮᠲᠤ ᠪᠠᠷ ᠪᠠᠶᠢᠭᠤᠯᠬᠤ ᠤᠯᠤᠰ ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ ᠂ ᠨᠢᠭᠡ ᠳᠤ᠂ ᠭᠠᠳᠠᠭᠠᠳᠤ ᠳᠤ ᠲᠤᠰᠠᠯᠠᠮᠵᠢ ᠦᠵᠡᠭᠦᠯᠬᠦ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠶᠢ ᠬᠠᠮᠲᠤ ᠪᠠᠷ ᠪᠠᠶᠢᠭᠤᠯᠬᠤ ᠳᠤ ᠴᠢᠳᠠᠪᠤᠷᠢᠲᠠᠨ ᠤ ᠳᠡᠮᠵᠢᠯᠭᠡ ᠬᠠᠩᠭᠠᠨ᠎ᠠ᠃ ᠤᠰᠤᠨ ᠠᠰᠢᠭᠯᠠᠯᠲᠠ ᠶᠢᠨ ᠶᠠᠮᠤᠨ ᠤ ᠪᠣᠬᠢᠷᠲᠤᠯ ᠥᠬᠡᠶ ᠤᠰᠤᠨ ᠴᠠᠬᠢᠯᠭᠠᠨ ᠤ ᠣᠯᠠᠨ ᠤᠯᠤᠰ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ᠂ ︽ᠨᠢᠭᠡ ᠪᠦᠰᠡ ᠨᠢᠭᠡ ᠵᠠᠮ︾ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠵᠡᠷᠭᠡ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠬᠡᠮᠵᠢᠯᠳᠦ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠦᠨ᠎ᠡ᠃        ᠬᠤᠶᠠᠷ ᠲᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠶᠢ ᠬᠠᠮᠲᠤ ᠪᠠᠷ ᠪᠠᠶᠢᠭᠤᠯᠬᠤ᠂ ᠵᠠᠰᠠᠭ ᠤᠨ ᠣᠷᠳᠣᠨ ᠤ ᠬᠤᠭᠤᠷᠣᠨᠳᠣᠬᠢ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠪᠦᠲᠦᠮᠵᠢᠲᠡᠢ ᠠᠰᠢᠭᠯᠠᠬᠤ ᠮᠡᠷᠭᠡᠵᠢᠯ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠤᠯᠤᠰ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠠᠬᠤᠢ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠤᠰᠤ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠤᠰᠤ ᠶᠢ ᠵᠠᠰᠠᠭᠰᠠᠨ ᠲᠡᠷᠢᠭᠦᠨ ᠤ ᠤᠶᠢᠢᠯᠠᠭᠠᠭᠳᠠᠬᠤᠨ᠂ ᠮᠡᠷᠭᠡᠵᠢᠯ ᠪᠣᠯᠤᠨ ᠲᠤᠷᠰᠢᠯᠭ᠎ᠠ ᠶᠢ ᠳᠡᠯᠭᠡᠷᠡᠭᠦᠯᠦᠨ᠎ᠡ᠃         ᠭᠤᠷᠪᠠ ᠳᠤ᠂ ᠤᠯᠤᠰ ᠤᠨ ᠤᠰᠤᠨ ᠳᠤ ᠬᠤᠯᠪᠣᠭᠳᠠᠬᠤ ᠬᠦᠷᠢᠶᠡᠨ ᠤ ᠮᠡᠷᠭᠡᠵᠢᠯ ᠤᠨ ᠪᠠᠷᠢᠮᠵᠢᠶ᠎ᠠ ᠶᠢ ᠵᠣᠯᠭᠠᠯᠴᠠᠭᠤᠯᠬᠤ ᠪᠠ ᠬᠠᠷᠢᠯᠴᠠᠨ ᠲᠤᠯᠢᠳᠠᠬᠤ ᠶᠢ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ ᠮᠠᠨ ᠤ ᠤᠯᠤᠰ ᠪᠦᠷᠢᠨ ᠲᠡᠭᠦᠯᠳᠡᠷ ᠤᠰᠤᠨ ᠠᠰᠢᠭᠯᠠᠯᠲᠠ ᠶᠢᠨ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠲᠠᠢ᠂ ᠮᠠᠨ ᠤ ᠤᠯᠤᠰ ᠤᠨ ᠤᠰᠤᠨ ᠠᠰᠢᠭᠯᠠᠯᠲᠠ ᠶᠢᠨ ᠪᠠᠷᠢᠮᠵᠢᠶ᠎ᠠ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠤᠰᠤᠨ ᠠᠰᠢᠭᠯᠠᠯᠲᠠ ᠪᠠᠷ ᠭᠠᠳᠠᠭᠠᠳᠤ ᠶᠢ ᠲᠤᠰᠠᠯᠠᠬᠤ ᠲᠦᠷᠦᠯ ᠵᠦᠢᠯ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ᠂ ᠤᠰᠤᠨ ᠠᠰᠢᠭᠯᠠᠯᠲᠠ ᠶᠢᠨ ᠤᠯᠠᠨ ᠤᠯᠤᠰ ᠤᠨ ᠢᠨᠵᠧᠨᠧᠷᠢᠩ ᠵᠡᠷᠭᠡ ᠲᠠᠯ᠎ᠠ ᠪᠠᠷ ᠮᠠᠨ ᠤ ᠤᠯᠤᠰ ᠤᠨ ᠤᠰᠤᠨ ᠠᠰᠢᠭᠯᠠᠯᠲᠠ ᠶᠢᠨ ᠪᠠᠷᠢᠮᠵᠢᠶ᠎ᠠ ᠶᠢ ᠬᠡᠷᠡᠭᠯᠡᠬᠦ ᠶᠢ ᠢᠳᠡᠪᠬᠢᠲᠡᠢ ᠠᠬᠢᠭᠤᠯᠤᠨ᠎ᠠ᠃   
ᠢᠷᠡᠯᠲᠡ᠄ ᠠᠷᠠᠳ ᠤᠨ ᠰᠦᠯᠵᠢᠶ᠎ᠡ