ᠰᠢᠨᠬᠤᠸᠠ ᠬᠤᠷᠢᠶ᠎ᠠ᠄ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠮᠠᠨ ᠤ ᠤᠯᠤᠰ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠳᠦᠬᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/10/9
      ᠤᠰᠤᠯᠠᠯᠲᠠ ᠶᠢᠨ ᠣᠷᠣᠨ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠪᠠᠲᠤᠯᠠᠭ᠎ᠠ ᠮᠥᠨ᠃ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ ᠤ ᠳᠠᠷᠤᠭ᠎ᠠ ᠴᠧᠨ ᠮᠢᠩ ᠵᠥᠩ ᠣᠶᠢᠷ᠎ᠠ ᠳᠤ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠶᠠᠮᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ᠂ ᠡᠨᠡ ᠵᠢᠯ 406 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠲᠣᠬᠢᠷᠠᠭᠤᠯᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠣᠳᠣᠬᠠᠨ ᠳᠤ ᠨᠢᠭᠡᠨᠲᠡ 158 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠶ ᠳᠡᠭᠡᠨ ᠤᠷᠤᠭᠰᠢᠲᠠᠶ ᠶᠠᠪᠤᠭᠳᠠᠵᠤ ᠪᠠᠶᠢᠨ᠎ᠠ ᠭᠡᠵᠡᠶ᠃         ᠡᠨᠡ ᠵᠢᠯ 4 ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠠᠵᠢᠯ ᠡᠬᠢᠯᠡᠭᠦᠯᠦᠨ᠎ᠡ     ︽ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠨᠢ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤᠮᠳᠠᠬᠢ ᠤᠰᠤᠯᠠᠯᠲᠠ ᠶᠢᠨ ᠣᠷᠣᠨ ᠤ ︿ᠲᠣᠭᠲᠠᠪᠤᠷᠢᠵᠢᠭᠤᠯᠤᠭᠴᠢ﹀ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠴᠢᠳᠠᠨ᠎ᠠ᠃ ᠴᠧᠨ ᠮᠢᠩ ᠵᠥᠩ ᠬᠡᠯᠡᠭᠰᠡᠨ ᠨᠢ᠂ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠵᠦᠢᠯᠡᠰ ᠤᠨ ᠪᠠᠯᠠ ᠣᠷᠣᠭᠤᠯᠤᠯᠲᠠ ᠶᠢ 406 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2022 ᠣᠨ ᠤ ᠬᠢ ᠠᠴᠠ 7 ᠵᠠᠭᠤᠨ ᠤ ᠨᠢᠭᠡᠴᠢ ᠨᠡᠮᠡᠭᠳᠡᠭᠦᠯᠪᠡ᠃         ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠥᠬᠦ ᠤᠯᠤᠰ ᠲᠤ 35 ᠰᠢᠨ᠎ᠡ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠡᠭᠦᠨ ᠳᠤ ᠡᠨᠡ ᠵᠢᠯ 4 ᠶᠢ ᠨᠢ ᠠᠵᠢᠯ ᠡᠬᠢᠯᠡᠭᠦᠯᠵᠡᠶ᠃ ᠡᠳᠡᠭᠡᠷ ᠤᠰᠤᠯᠠᠯᠲᠠ ᠶᠢᠨ ᠣᠷᠣᠨ ᠠᠵᠢᠯ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢ 1600 ᠲᠦᠮᠡᠨ ᠮᠦ ᠣᠷᠴᠢᠮ ᠨᠡᠮᠡᠭᠳᠡᠭᠦᠯᠵᠦ᠂ ᠤᠰᠤᠯᠠᠯᠲᠠ ᠶᠢᠨ ᠲᠠᠯᠠᠪᠠᠶ ᠶᠢ 1100 ᠭᠠᠷᠤᠶ ᠲᠦᠮᠡᠨ ᠮᠦ ᠰᠠᠶᠢᠵᠢᠷᠠᠭᠤᠯᠬᠤ ᠪᠣᠯᠤᠨ᠎ᠠ᠃        ᠰᠢᠶᠠᠩ ᠵᠢᠶᠠ ᠪᠠ ᠤᠰᠤᠯᠠᠯᠲᠠ ᠶᠢᠨ ᠣᠷᠣᠨ ᠤ ᠤᠮᠠᠷᠠᠲᠤ ᠶᠢᠨ ᠶᠡᠷᠦᠩᠬᠡᠢ ᠭᠤᠣᠯ ᠰᠤᠪᠠᠭ ᠤᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠠᠯᠬᠤᠮ ᠤᠨ ᠢᠨᠵᠧᠨᠧᠷᠢᠩ ᠪᠣᠯ ᠡᠨᠡ ᠵᠢᠯ ᠰᠢᠨ᠎ᠡ ᠪᠠᠷ ᠠᠵᠢᠯ ᠡᠬᠢᠯᠡᠭᠦᠯᠦᠭᠰᠡᠨ 4 ᠲᠤᠮᠤ ᠬᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠣᠯᠤᠨ᠎ᠠ᠂ ᠮᠥᠨ ᠴᠦ ᠰᠧᠴᠤᠸᠠᠨ ᠮᠤᠵᠢ ᠶᠢᠨ ᠡᠨᠡ ᠵᠢᠯ ᠠᠵᠢᠯ ᠡᠬᠢᠯᠡᠭᠦᠯᠦᠭᠰᠡᠨ ᠠᠩᠬᠠᠳᠠᠭᠴᠢ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ᠎ᠠ᠃ ᠰᠧᠴᠤᠸᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠤᠮᠠᠷᠠᠲᠤ ᠬᠡᠰᠡᠭ ᠤᠨ ᠶᠡᠷᠦᠩᠬᠡᠶ ᠭᠤᠤᠯ ᠰᠤᠪᠠᠭ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠤᠶᠠᠷ ᠠᠯᠬᠤᠮ ᠬᠤᠪᠢᠶᠠᠨ ᠬᠡᠷᠡᠭᠵᠢᠭᠦᠯᠵᠦ᠂ 2019 ᠣᠨ ᠤ 8 ᠳ᠋ᠤᠭᠠᠷ ᠰᠠᠷ᠎ᠠ ᠳᠤ ᠠᠵᠢᠯ ᠡᠬᠢᠯᠡᠭᠦᠯᠦᠭᠰᠡᠨ ᠨᠢᠭᠡᠳᠦᠭᠡᠷ ᠬᠤᠭᠤᠴᠠᠭᠠᠨ ᠤ ᠨᠢᠭᠡ ᠠᠯᠬᠤᠮ ᠤᠨ ᠢᠨᠵᠧᠨᠧᠷᠢᠩ ᠪᠠ ᠡᠨᠡ ᠵᠢᠯ ᠤᠨ 3 ᠰᠠᠷ᠎ᠠ ᠳᠤ ᠠᠵᠢᠯ ᠡᠬᠢᠯᠡᠭᠦᠯᠦᠭᠰᠡᠨ ᠨᠢᠭᠡᠳᠦᠭᠡᠷ ᠬᠤᠭᠤᠴᠠᠭᠠᠨ ᠤ ᠬᠤᠶᠠᠷ ᠠᠯᠬᠤᠮ ᠤᠨ ᠢᠨᠵᠧᠨᠧᠷᠢᠩ ᠣᠳᠣᠬᠠᠨ ᠳᠤ ᠴᠥᠮ ᠤᠷᠤᠭᠰᠢᠲᠠᠶ ᠶᠠᠪᠤᠭᠳᠠᠵᠤ ᠪᠠᠶᠢᠨ᠎ᠠ᠃        ᠰᠤᠷᠪᠤᠯᠵᠢᠯᠠᠭᠴᠢ ᠨᠢᠭᠡᠳᠦᠭᠡᠷ ᠬᠤᠭᠤᠴᠠᠭᠠᠨ ᠤ ᠨᠢᠭᠡ ᠠᠯᠬᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠮ ᠳᠠᠭᠠᠤ ᠰᠤᠷᠪᠤᠯᠵᠢᠯᠠᠬᠤ ᠳᠠᠭᠠᠨ᠂ ᠰᠧᠴᠤᠸᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠳᠡᠭᠡᠷ᠎ᠡ ᠠᠩᠬ᠎ᠠ ᠤᠳᠠᠭ᠎ᠠ ᠪᠠᠮᠪᠠᠶᠢᠯᠢᠭ ᠮᠡᠷᠭᠡᠵᠢᠯ ᠢ ᠬᠡᠷᠡᠭᠯᠡᠨ ᠮᠥᠷᠡᠨ ᠤ ᠢᠷᠣᠭᠠᠷ ᠢ ᠨᠡᠪᠲᠡᠯᠬᠦ ᠨᠢᠭᠡᠳᠦᠭᠡᠷ ᠬᠤᠭᠤᠴᠠᠭᠠᠨ ᠤ ᠨᠢᠭᠡ ᠠᠯᠬᠤᠮ ᠤᠨ ᠢᠨᠵᠧᠨᠧᠷᠢᠩ ᠤᠨ ᠮᠤᠤ ᠡᠯ ᠲᠦᠸᠧ ᠵᠢᠶᠠᠩ ᠮᠥᠷᠡᠨ ᠤ ᠢᠷᠣᠭᠠᠷ ᠤᠨ ᠨᠦᠬᠡᠨ ᠵᠠᠮ ᠢ ᠨᠢᠭᠡᠨᠲᠡ ᠲᠡᠭᠰᠢ ᠠᠭᠤᠶ ᠶᠢᠨ ᠳᠣᠲᠣᠷᠠᠬᠢ ᠪᠣᠯᠣᠳ ᠬᠤᠭᠤᠯᠠᠶ ᠶᠢ ᠤᠭᠰᠠᠷᠠᠪᠠ︔ ᠨᠢᠭᠡᠳᠦᠭᠡᠷ ᠬᠤᠭᠤᠴᠠᠭᠠᠨ ᠤ ᠨᠢᠭᠡ ᠠᠯᠬᠤᠮ ᠤᠨ ᠢᠨᠵᠧᠨᠧᠷᠢᠩ ᠤᠨ ᠬᠠᠮᠤᠭ ᠤᠨ ᠤᠷᠳᠤ ᠭᠦᠦᠷᠯᠢᠭ ᠰᠤᠪᠠᠭ — ᠳ᠋ᠠ ᠳ᠋ᠢ ᠸᠠᠨ ᠤ ᠭᠦᠦᠷᠯᠢᠭ ᠰᠤᠪᠠᠭ ᠨᠢ ᠨᠢᠭᠡᠨᠲᠡ ᠪᠦᠬᠦ ᠪᠠᠭᠠᠨ᠎ᠠ ᠶᠢᠨ ᠰᠠᠭᠤᠷᠢ᠂ ᠲᠤᠯᠭᠠᠭᠤᠷ ᠲᠠᠪᠴᠠᠩ᠂ ᠲᠤᠯᠭᠠᠭᠤᠷ ᠪᠡᠶ᠎ᠡ ᠵᠡᠷᠭᠡ ᠶᠢᠨ ᠳᠣᠣᠷ᠎ᠠ ᠪᠦᠲᠦᠴᠡ ᠶᠢᠨ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠵᠦ᠂ ᠭᠦᠦᠷᠯᠢᠭ ᠰᠤᠪᠠᠭ ᠢ ᠨᠢᠭᠡᠨᠲᠡ 6 ᠨᠦᠬᠡ ᠪᠠᠷ ᠴᠢᠳᠬᠤᠨ ᠭᠠᠷᠭᠠᠭᠠᠳ᠂ ᠦᠯᠡᠳᠡᠭᠰᠡᠨ 9 ᠨᠦᠬᠡ ᠨᠢ ᠦᠯᠡᠳᠡᠭᠰᠡᠨ ᠪᠠᠶᠢᠨ᠎ᠠ᠃    ᠰᠢᠶᠠᠩ ᠵᠢᠶᠠ ᠪᠠ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ ᠤᠨ ᠠᠯᠪᠠᠨ ᠭᠡᠷ ᠤᠨ ᠡᠷᠬᠢᠯᠡᠭᠴᠢ ᠸᠠᠩ ᠶᠦᠩ ᠹᠦ᠋ ᠬᠡᠯᠡᠭᠰᠡᠨ ᠨᠢ ᠰᠢᠶᠠᠩ ᠵᠢᠶᠠ ᠪᠠ ᠶᠢᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠵᠢᠷᠤᠵᠤ ᠲᠥᠯᠥᠪᠯᠡᠭᠰᠡᠨ ᠤᠰᠤᠯᠠᠯᠲᠠ ᠶᠢᠨ ᠲᠠᠯᠠᠪᠠᠢ 530 ᠲᠦᠮᠡᠨ ᠮᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠮᠤ ᠪᠤᠳᠠᠭ᠎ᠠ ᠪᠣᠯᠤᠨ ᠠᠵᠤ ᠠᠬᠤᠢ ᠶᠢᠨ ᠲᠠᠷᠢᠮᠠᠯ ᠤᠨ ᠤᠨᠠᠯᠲᠠ ᠶᠢ 22 ᠳ᠋ᠦᠩᠰᠢᠭᠤᠷ ᠺᠢᠯᠣᠭ᠍ᠷᠠᠮ ᠨᠡᠮᠡᠭᠳᠡᠭᠦᠯᠵᠦ᠂ ᠰᠧᠴᠤᠸᠠᠨ ᠤ ᠡᠮᠦᠨᠡᠲᠦ ᠬᠡᠰᠡᠭ ᠤᠨ ᠠᠮᠤ ᠪᠤᠳᠠᠭᠠᠨ ᠤ ᠬᠥᠮᠥᠷᠭᠡ ᠶᠢ ᠪᠦᠲᠦᠭᠡᠨ ᠪᠠᠶᠢᠭᠤᠯᠬᠤ ᠳᠤ ᠴᠢᠬᠤᠯᠠ ᠦᠢᠯᠡᠳᠦᠯ ᠲᠠᠢ ᠶᠤᠮ ᠭᠡᠵᠦ ᠬᠡᠯᠡᠪᠡ᠃       166 ᠳ᠋ᠦᠩᠰᠢᠭᠤᠷ ᠲᠥᠭᠦᠷᠢᠭ ᠤᠨ ᠲᠥᠪ ᠤᠨ ᠪᠡᠯᠡ ᠮᠥᠩᠭᠦ ᠪᠠᠷ 581 ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠲᠡᠮᠵᠢᠪᠡ    ᠴᠧᠨ ᠮᠢᠩ ᠵᠦᠩ ᠬᠡᠯᠡᠭᠰᠡᠨ ᠨᠢ᠂ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ᠲᠥᠪ ᠤᠨ ᠪᠡᠯᠡ ᠣᠷᠣᠭᠤᠯᠤᠯᠲᠠ ᠶᠢ 166 ᠳ᠋ᠦᠩᠰᠢᠭᠤᠷ ᠲᠥᠭᠦᠷᠢᠭ ᠲᠤᠬᠢᠷᠠᠭᠤᠯᠵᠤ᠂ 581 ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠳᠡᠮᠵᠢᠬᠦ ᠳᠤ ᠬᠡᠷᠡᠭᠯᠡᠨ᠎ᠡ᠃ ᠤᠰᠤᠨ ᠠᠰᠢᠭᠯᠠᠯᠲᠠ ᠶᠢᠨ ᠶᠠᠮᠤᠨ ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠡᠬᠡ ᠲᠠᠩᠰᠠ ᠪᠠᠶᠢᠭᠤᠯᠤᠨ᠂ ᠰᠠᠷ᠎ᠠ ᠪᠦᠷᠢ ᠲᠣᠬᠢᠷᠠᠭᠤᠯᠤᠯᠲᠠ ᠬᠢᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠵᠢᠱᠢᠯᠲᠡ ᠪᠠᠷ ᠰᠡᠷᠭᠦᠭᠡᠬᠦ ᠤᠰᠤᠯᠠᠯᠲᠠ ᠶᠢᠨ ᠲᠠᠯᠠᠪᠠᠶ ᠪᠠᠷᠤᠭ 1780 ᠲᠦᠮᠡᠨ ᠮᠥ ᠰᠢᠨ᠎ᠡ ᠪᠠᠷ ᠨᠡᠮᠡᠭᠳᠡᠵᠦ᠂ ᠰᠠᠶᠢᠵᠢᠷᠠᠭᠤᠯᠬᠤ ᠤᠰᠤᠯᠠᠯᠲᠠ ᠶᠢᠨ ᠲᠠᠯᠠᠪᠠᠶ ᠪᠠᠷᠤᠭ 1.2 ᠳ᠋ᠦᠩᠰᠢᠭᠤᠷ ᠮᠥ ᠳᠤ ᠬᠦᠷᠴᠦ᠂ ᠠᠮᠤ ᠪᠤᠳᠠᠭᠠᠨ ᠤ ᠦᠢᠯᠡᠳᠪᠦᠷᠢ ᠤᠨ ᠴᠢᠳᠠᠪᠤᠷᠢ ᠪᠠᠷᠤᠭ 100 ᠳ᠋ᠦᠩᠰᠢᠭᠤᠷ ᠺᠢᠯᠣᠭ᠍ᠷᠠᠮ ᠰᠢᠨ᠎ᠡ ᠪᠠᠷ ᠨᠡᠮᠡᠭᠳᠡᠵᠦ᠂ ᠤᠰᠤ ᠠᠷᠪᠢᠯᠠᠬᠤ ᠴᠢᠳᠠᠪᠤᠷᠢ ᠪᠠᠷᠤᠭ 100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠰᠢᠨ᠎ᠡ ᠪᠠᠷ ᠨᠡᠮᠡᠭᠳᠡᠬᠦ ᠪᠣᠯᠤᠨ᠎ᠠ᠃        ᠵᠢᠶᠠᠩᠰᠢ ᠮᠤᠵᠢ ᠶᠢᠨ ᠬᠠᠮᠤᠭ ᠤᠨ ᠶᠡᠭᠡ ᠤᠰᠤᠯᠠᠯᠲᠠ ᠶᠢᠨ ᠣᠷᠣᠨ — ᠭᠠᠨ ᠹᠦ᠋ ᠶᠢᠨ ᠲᠠᠯ᠎ᠠ ᠭᠠᠵᠠᠷ ᠤᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠪᠣᠯ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ ᠢᠨᠵᠧᠨᠧᠷᠢᠩ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 4.14 ᠳ᠋ᠦᠩᠰᠢᠭᠤᠷ ᠲᠥᠭᠦᠷᠢᠭ ᠲᠤ ᠬᠦᠷᠴᠦ᠂ 2025 ᠣᠨ ᠤ ᠡᠬᠢ ᠪᠠᠷ ᠪᠥᠬᠦ ᠲᠠᠯ᠎ᠠ ᠪᠠᠷ ᠠᠵᠢᠯ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ 3028 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ ᠲᠥᠯᠥᠪᠯᠡᠭᠡ ᠠᠴᠠ 7 ᠰᠠᠷ᠎ᠠ ᠤᠷᠢᠳᠴᠢᠯᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠤᠨ᠎ᠠ᠃         ᠭᠠᠨ ᠹᠦ᠋ ᠶᠢᠨ ᠲᠠᠯ᠎ᠠ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠤᠰᠤᠯᠠᠯᠲᠠ ᠶᠢᠨ ᠲᠠᠯᠠᠪᠠᠶ ᠶᠢ 64 ᠲᠦᠮᠡᠨ ᠮᠥ ᠰᠠᠶᠢᠵᠢᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 9400 ᠲᠦᠮᠡᠨ ᠺᠢᠯᠣᠭ᠍ᠷᠠᠮ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠬᠤ ᠴᠢᠳᠠᠪᠤᠷᠢ ᠶᠢ 7300 ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠨ᠎ᠡ ᠪᠠᠷ ᠨᠡᠮᠡᠭᠳᠡᠭᠦᠯᠦᠨ᠎ᠡ ᠭᠡᠵᠡᠶ᠃       6 ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠤᠷᠰᠢᠯᠲᠠ ᠶᠢᠨ ᠴᠡᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠬᠦᠯᠢ ᠴᠣᠭᠴᠠ ᠪᠠᠷ ᠠᠬᠢᠭᠤᠯᠪᠠ        ︽ᠣᠳᠣᠬᠠᠨ ᠳᠤ᠂ ᠤᠯᠤᠰ ᠠᠴᠠ ᠶᠠᠭ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ ᠶᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠴᠧᠨ ᠮᠢᠩ ᠵᠥᠩ ᠬᠡᠯᠡᠭᠰᠡᠨ ᠨᠢ᠂ ᠤᠰᠤᠨ ᠠᠰᠢᠭᠯᠠᠯᠲᠠ ᠶᠢᠨ ᠶᠠᠮᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠬᠠᠮᠲᠤᠷᠠᠨ ᠰᠧᠴᠤᠸᠠᠨ ᠤ ᠳ᠋ᠦ᠋ ᠵᠢᠶᠠᠩ ᠶᠠᠨ ᠤ ᠤᠰᠤᠯᠠᠯᠲᠠ ᠶᠢᠨ ᠣᠷᠣᠨ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠵᠡᠷᠭᠡ 6 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠷᠰᠢᠯᠲᠠ ᠶᠢ ᠪᠦᠬᠦᠯᠢ ᠴᠣᠭᠴᠠ ᠪᠠᠷ ᠨᠢ ᠳᠥᠯᠭᠢᠨ ᠠᠬᠢᠭᠤᠯᠵᠤ᠂ ᠣᠳᠣᠬᠠᠨ ᠳᠤ ᠤᠷᠤᠭᠰᠢᠲᠠᠶ ᠶᠠᠪᠤᠭᠳᠠᠵᠤ ᠪᠠᠶᠢᠨ᠎ᠠ᠃ ᠲᠤᠷᠰᠢᠯᠲᠠ ᠬᠢᠬᠦ ᠪᠠᠷ ᠳᠠᠮᠵᠢᠭᠤᠯᠤᠨ ᠲᠠᠷᠢᠶᠠᠨ ᠭᠠᠵᠠᠷ ᠤᠨ ᠤᠰᠤᠯᠠᠬᠤ ᠤᠰᠤ ᠵᠠᠯᠠᠬᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃         ᠤᠰᠤᠨ ᠠᠰᠢᠭᠯᠠᠯᠲᠠ ᠶᠢᠨ ᠶᠠᠮᠤᠨ ᠬᠢᠭᠡᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠤᠨ ᠬᠢᠨ ᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠤᠰᠤᠨ ᠰᠤᠷᠪᠤᠯᠵᠢ᠂ ᠭᠤᠣᠯ ᠰᠤᠪᠠᠭ ᠤᠨ ᠰᠢᠰᠲ᠋ᠧᠮ ᠠᠴᠠ ᠠᠪᠤᠭᠠᠳ ᠲᠠᠷᠢᠶᠠᠨ ᠭᠠᠵᠠᠷ ᠤᠨ ᠦᠵᠦᠭᠦᠷ ᠬᠦᠷᠲᠡᠯᠡᠬᠢ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠪᠦᠬᠦᠯᠢ ᠴᠣᠭᠴᠠ ᠶᠢᠨ ᠰᠢᠰᠲ᠋ᠧᠮᠵᠢ ᠶᠢ ᠪᠣᠶ ᠪᠣᠯᠭᠠᠨ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠤᠨᠠᠯᠲᠠ ᠲᠣᠭᠲᠠᠭᠤᠨ ᠪᠠᠶᠢᠬᠤ ᠶᠢ ᠪᠡᠶᠡᠯᠡᠭᠦᠯᠦᠨ᠎ᠡ᠃         ᠣᠶᠢᠯᠠᠭᠠᠭᠰᠠᠨ ᠢᠶᠠᠷ᠂ ᠱᠠᠨᠳᠦ᠋ᠩ ᠮᠤᠵᠢ ᠶᠢᠨ ᠳ᠋ᠧᠵᠸᠤ ᠬᠤᠲᠠ ᠵᠡᠷᠭᠡ 20 ᠭᠠᠵᠠᠷ ᠣᠷᠣᠨ ᠢ ᠨᠢᠭᠡᠨᠲᠡ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠯᠭᠢᠨ ᠠᠬᠢᠭᠤᠯᠬᠤ ᠠᠩᠬᠠᠨ ᠤ ᠪᠦᠯᠦᠭ ᠲᠤᠷᠰᠢᠯᠲᠠ ᠬᠢᠬᠦ ᠭᠠᠵᠠᠷ ᠣᠷᠣᠨ ᠢᠶᠠᠷ ᠲᠣᠭᠲᠠᠭᠠᠵᠠᠶ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠶᠠᠭ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢᠶᠠᠨ ᠲᠡᠭᠦᠯᠳᠡᠷᠵᠢᠭᠦᠯᠵᠦ᠂ ᠣᠨ ᠤ ᠠᠵᠢᠯ ᠤᠨ ᠲᠥᠯᠥᠪᠯᠡᠭᠡ ᠪᠠᠨ ᠨᠠᠷᠢᠯᠢᠬᠵᠢᠭᠤᠯᠵᠤ ᠪᠠᠶᠢᠨ᠎ᠠ᠃         ᠣᠳᠣᠬᠠᠨ ᠳᠤ᠂ ᠪᠦᠬᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ ᠴᠧᠨ ᠮᠢᠩ ᠵᠦᠩ ᠬᠡᠯᠡᠭᠰᠡᠨ ᠨᠢ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠰᠠᠯᠠᠭ᠎ᠠ ᠮᠥᠴᠢᠷ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤᠰᠤᠯᠠᠯᠲᠠ ᠶᠢᠨ ᠬᠥᠭᠵᠢᠯᠲᠡ ᠶᠢᠨ ᠬᠡᠷᠡᠭᠴᠡᠭᠡ᠂ ᠤᠰᠤᠯᠠᠯᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠢ ᠲᠤᠯᠭᠠᠭᠤᠷᠢᠯᠠᠬᠤ ᠴᠢᠳᠠᠪᠤᠷᠢ᠂ ᠪᠡᠯᠡᠳᠬᠡᠯ ᠲᠠᠷᠢᠶᠠᠨ ᠭᠠᠵᠠᠷ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠭᠡᠴᠡ ᠬᠦᠴᠦᠨ ᠵᠡᠷᠭᠡ ᠠᠰᠠᠭᠤᠳᠠᠯ ᠢ ᠭᠦᠨᠵᠡᠭᠡᠢ ᠰᠤᠳᠤᠯᠵᠤ᠂ ᠤᠰᠤᠯᠠᠯᠲᠠ ᠶᠢᠨ ᠲᠠᠯᠠᠪᠠᠢ ᠶᠢᠨ ᠬᠥᠭᠵᠢᠯᠲᠡ ᠶᠢᠨ ᠳᠠᠯᠳᠠ ᠬᠦᠴᠦᠨ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠬᠥᠭᠵᠢᠯᠲᠡ ᠶᠢᠨ ᠠᠷᠭ᠎ᠠ ᠵᠠᠮ ᠢ ᠳᠤᠷᠠᠳᠴᠤ᠂ ᠣᠳᠣᠬᠠᠨ ᠳᠤ ᠨᠢᠭᠡᠨᠲᠡ ᠠᠩᠬᠠᠨ ᠤ ᠨᠤᠤᠷᠠᠭ ᠢ ᠪᠦᠷᠢᠯᠳᠦᠭᠦᠯᠵᠦ᠂ ᠡᠨᠡ ᠵᠢᠯ ᠤᠨ ᠰᠡᠭᠦᠯᠴᠢ ᠪᠠᠷ ᠲᠥᠯᠥᠪᠵᠢᠭᠦᠯᠭᠡ ᠶᠢᠨ ᠠᠵᠢᠯ ᠢ ᠪᠡᠶᠡᠯᠡᠭᠦᠯᠵᠦ ᠪᠣᠯᠤᠨ᠎ᠠ ᠭᠡᠵᠦ ᠬᠡᠯᠡᠪᠡ᠃         ᠴᠧᠨ ᠮᠢᠩ ᠵᠥᠩ ᠪᠠᠰᠠ ᠢᠯᠡᠷᠬᠡᠶᠢᠯᠡᠬᠦ ᠳᠡᠭᠡᠨ᠂ ᠤᠯᠤᠰ ᠤᠨ ᠤᠰᠤᠨ ᠠᠰᠢᠭᠯᠠᠯᠲᠠ ᠶᠢᠨ ᠲᠤᠤᠷ ᠤᠨ ᠭᠤᠤᠯ ᠨᠢᠷᠤᠭᠤᠪᠴᠢ ᠪᠠ ᠲᠣᠮᠣ ᠯᠤᠭᠰᠢᠭᠤᠨ ᠰᠤᠳᠠᠯ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠶᠢᠨ ᠶᠠᠮᠤᠨ ᠪᠠᠰᠠ ᠨᠢᠭᠡ ᠪᠦᠯᠦᠭ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠲᠥᠯᠥᠪᠵᠢᠭᠦᠯᠦᠨ ᠠᠬᠢᠭᠤᠯᠵᠤ᠂ ᠮᠠᠨ ᠤ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠳᠤ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠨ᠎ᠠ ᠭᠡᠵᠡᠶ᠃        
ᠢᠷᠡᠯᠲᠡ᠄ ᠰᠢᠨᠬᠤᠸᠠ ᠬᠤᠷᠢᠶ᠎ᠠ