ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠶ᠎ᠡ
ᠨᠡᠶᠢᠲᠡᠯᠡᠭᠰᠡᠨ ᠴᠠᠭ᠄
2023/10/9
          — ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠰᠤᠷᠪᠤᠯᠵᠢᠯᠠᠭᠰᠠᠨ ᠨᠢ                                                       ᠳᠠᠳᠤᠯᠭ᠎ᠠ ᠶᠢᠨ ᠰᠤᠷᠪᠤᠯᠵᠢᠯᠠᠭᠴᠢ ᠯᠢ ᠼᠦᠨ ᠰᠢᠶᠠ       ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠭᠦᠨᠵᠡᠭᠡᠶ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠰᠤᠷᠪᠤᠯᠵᠢᠯᠠᠪᠠ᠃       ᠸᠠᠩ ᠵᠢᠶᠦ᠋ᠨ ᠬᠡᠯᠡᠭᠦ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠪᠥᠬᠦ ᠲᠠᠯ᠎ᠠ ᠪᠠ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ︽ᠲᠠᠪᠤᠨ ᠵᠠᠪᠠᠯ ᠶᠠᠪᠤᠬᠤ ᠵᠠᠮ︾ ᠤᠨ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠴᠤ᠂ ︽ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠤᠭᠰᠠᠨ︾ ᠢ ᠵᠠᠳᠠᠯᠤᠭᠰᠠᠨ ᠪᠥᠭᠡᠳ ᠨᠠᠩ ᠴᠤ ︽ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠤᠯᠬᠤ︾ ᠶᠢ ᠲᠣᠳᠣᠷᠬᠠᠶ ᠵᠢᠭᠠᠵᠤ᠂ ᠪᠢᠳᠡᠨ ᠤ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠶᠢ ᠲᠤᠷᠠᠳᠴᠤ᠂ ᠪᠢᠳᠡᠨ ᠤ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠦᠨᠳᠦᠰᠦᠲᠡᠨ ᠤ ᠠᠵᠢᠯ ᠤᠨ ᠭᠤᠣᠯ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠤᠪᠢ ᠳᠤ᠂ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨ ᠮᠡᠳᠡᠷᠡᠵᠦ ᠪᠠᠶᠢᠨ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠬᠦᠨᠳᠦ ᠶᠡᠭᠡ ᠬᠠᠷᠢᠭᠤᠴᠠᠯᠭ᠎ᠠ ᠶᠢ ᠨᠡᠩ ᠤᠬᠠᠮᠰᠠᠷ ᠠᠴᠠ ᠪᠠᠨ ᠡᠭᠦᠷᠭᠡᠯᠡᠨ ᠰᠠᠶᠢᠲᠤᠷ ᠭᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠵᠦᠢᠯ ᠤᠨ ᠠᠵᠢᠯ ᠢ ᠪᠤᠳᠠᠳᠠᠢ ᠲᠥᠷᠥᠭᠳᠡᠯ ᠲᠠᠢ᠂ ᠪᠦᠲᠦᠮᠵᠢᠲᠡᠢ ᠪᠠᠷ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠡᠷᠡᠰ ᠰᠠᠶᠢᠲᠤᠷ ᠬᠠᠮᠠᠭᠠᠯᠠᠬᠤ ᠪᠠᠷ ᠴᠢᠷᠮᠠᠶᠢᠨ᠎ᠠ᠃       ᠨᠢᠭᠡ ᠳᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠮᠠᠨ ᠤ ᠣᠷᠣᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠡᠬᠡ ᠤᠯᠤᠰ ᠤᠨ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠲᠠᠢ ᠬᠤᠯᠪᠣᠭᠳᠠᠬᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠬᠤ᠂ ᠤᠯᠤᠰ ᠤᠨ ᠥᠨᠢ ᠤᠳᠠᠭᠠᠨ ᠤ ᠠᠮᠤᠷ ᠲᠣᠭᠲᠠᠭᠤᠨ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ  ᠲᠠᠢ ᠬᠤᠯᠪᠣᠭᠳᠠᠬᠤ ᠶᠢ ᠡᠷᠬᠡᠪᠰᠢ ᠢᠮᠠᠭᠲᠠ ᠪᠠᠲᠤ ᠴᠡᠭᠡᠵᠢᠯᠡᠬᠦ ᠨᠢ ︽ᠤᠯᠤᠰ ᠤᠨ ᠲᠤᠮᠤ ᠶᠠᠪᠤᠳᠠᠯ︾ ᠮᠥᠨ᠂ ᠮᠥᠨ ᠴᠤ ᠥᠪᠡᠷᠲᠡᠭᠡᠨ ᠵᠠᠰᠠᠬᠤ ᠣᠷᠣᠨ ᠤ ᠬᠥᠭᠵᠢᠯ ᠴᠡᠴᠡᠭᠯᠡᠯ ᠤᠨ ᠰᠠᠭᠤᠷᠢ ᠮᠥᠨ᠃ ᠪᠢᠳᠡ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠣᠯᠤᠨ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠠᠵᠢᠯ ᠢ ᠢᠮᠠᠭᠲᠠ ᠤᠯᠤᠰ ᠲᠦᠷᠦ ᠶᠢᠨ ᠲᠠᠯ᠎ᠠ ᠠᠴᠠ ᠦᠵᠡᠵᠦ᠂ ᠢᠮᠠᠭᠲᠠ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠭᠤᠷᠪᠠᠨ ᠤᠬᠳᠤ ᠪᠤᠯᠬᠤ ᠦᠭᠡᠢ︾᠂ ︽ᠨᠢᠭᠡ ᠦᠯᠦ ᠪᠤᠯᠬᠤ︾ ᠤᠯᠤᠰ ᠲᠦᠷᠦ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠨᠳᠦᠰᠦᠲᠡᠨ ᠤ ᠠᠵᠢᠯ ᠢ ᠠᠳᠬᠤᠬᠤ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃       ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ᠂ ᠪᠦᠷᠢᠨ ᠪᠦᠲᠦᠨ᠂ ᠵᠦᠪ ᠣᠨᠣᠪᠴᠢᠲᠠᠢ ᠤᠶᠢᠢᠯᠠᠭᠠᠨ ᠡᠵᠡᠮᠰᠢᠭᠦ ᠬᠡᠷᠡᠭᠲᠡᠢ᠃ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠵᠡᠪᠰᠡᠭᠯᠡᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠨ ᠪᠣᠳᠠᠲᠠᠶᠢᠵᠢᠭᠤᠯᠬᠤ ᠳᠡᠭᠡᠷ᠎ᠡ ᠦᠨᠡᠨ ᠬᠦ ᠬᠦᠴᠦ ᠪᠠᠨ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠦᠨᠡᠨ ᠬᠦ ᠪᠡᠶᠡᠯᠡᠭᠦᠯᠬᠦ ᠬᠡᠷᠡᠭᠲᠡᠶ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠠᠬᠢ ᠦᠨᠳᠦᠰᠦᠲᠡᠨ ᠤ ᠠᠵᠢᠯ ᠤᠨ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠳᠤ ︽ᠴᠢᠳᠠᠪᠤᠷᠢ ᠪᠤᠯᠪᠠᠰᠤᠷᠠᠯ ᠢᠶᠠᠨ ᠳᠡᠭᠡᠭᠰᠢᠯᠡᠭᠦᠯᠬᠦ ᠣᠨ︾ ᠤ ᠪᠠᠶᠢᠭᠤᠯᠤᠯᠲᠠ ᠶᠢᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠣᠨᠣᠯ ᠤᠨ ᠶᠡᠭᠡ ᠰᠤᠷᠤᠯᠴᠠᠯᠭ᠎ᠠ᠂ ᠪᠥᠬᠦ ᠠᠵᠢᠯᠲᠠᠨ ᠤ ᠶᠡᠭᠡ ᠪᠣᠯᠪᠠᠰᠤᠷᠠᠯ ᠢᠶᠠᠷ ᠳᠠᠮᠵᠢᠭᠤᠯᠵᠤ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠺᠠᠳ᠋ᠷᠴᠤᠳ ᠤᠨ ᠤᠯᠤᠰ ᠲᠥᠷᠥ ᠶᠢᠨ ᠬᠡᠪ ᠪᠤᠯᠪᠠᠰᠤᠷᠠᠯ᠂ ᠰᠣᠶᠣᠯ ᠤᠨ ᠬᠡᠪ ᠪᠣᠯᠪᠠᠰᠤᠷᠠᠯ᠂ ᠠᠵᠢᠯ ᠤᠨ ᠴᠢᠳᠠᠪᠤᠷᠢ ᠪᠠ ᠣᠶᠤᠨ ᠰᠠᠨᠠᠭᠠᠨ ᠤ ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠭᠦ ᠬᠡᠷᠡᠭᠲᠡᠢ᠃     ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠵᠦᠢᠯ ᠤᠨ ᠠᠵᠢᠯ ᠢ ᠪᠤᠳᠠᠳᠠᠢ ᠲᠥᠷᠥᠭᠳᠡᠯ ᠲᠠᠢ᠂ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠢᠯᠢ ᠬᠢᠵᠠᠭᠠᠷ ᠤᠨ ᠠᠶᠠᠯᠠᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ ︵ᠥᠪᠥᠷ ᠮᠣᠩᠭᠤᠯ ᠤᠨ ᠪᠣᠲᠢ︶︾ ᠢ ᠨᠠᠶᠢᠷᠠᠭᠤᠯᠤᠨ ᠲᠤᠭᠤᠷᠪᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠨᠠᠮᠢᠷᠠᠭ᠎ᠠ ᠬᠤᠷ᠎ᠠ ᠪᠠᠷ ᠠᠮᠤᠷᠯᠢᠩᠭᠤᠢ ᠤᠮᠳᠠᠯᠠᠬᠤ ᠮᠡᠲᠦ ᠠᠮᠢᠳᠤᠯᠢᠭ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠠᠶᠢᠲᠤᠷ ᠨᠠᠶᠢᠳᠠᠪᠤᠷᠢᠵᠢᠭᠤᠯᠵᠤ᠂ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠂ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠬᠢᠳᠭᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾᠂ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠵᠡᠷᠭᠡ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠶ ᠪᠤᠯᠭᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠢᠩᠭᠠᠨ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠶᠢᠮᠠᠭ ᠢ ᠲᠠᠬᠢᠨᠳᠠ ᠡᠭᠦᠳᠦᠨ ᠪᠠᠶᠢᠭᠤᠯᠤᠬᠰᠠᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠬᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠥᠲᠥᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠳᠤᠨ᠎ᠠ ᠬᠡᠪᠡ᠃       
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ