| 10 ᠳ᠋ᠤᠭᠠᠷ ᠰᠠᠷ᠎ᠠ ᠶᠢᠨ 27 ᠤ ᠡᠳᠦᠷ᠂ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠳᠦᠷᠢᠮ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ᠲᠤᠰᠬᠠᠶᠢᠯᠠᠨ ᠨᠠᠭᠤᠷ ᠴᠦᠬᠦᠷᠦᠮ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠴᠢᠭᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︽ᠪᠠᠶᠠᠨᠨᠠᠭᠤᠷ ᠬᠤᠲᠠ ᠶᠢᠨ | ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠪᠥᠭᠡᠳ 2023 ᠣᠨ ᠤ 11 | ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠲᠤᠰ ︽ᠳᠦᠷᠢᠮ︾ ᠨᠡᠶᠢᠲᠡ ᠵᠢᠷᠭᠤᠭᠠᠨ ᠪᠦᠯᠦᠭ ᠲᠠᠪᠢᠨ ᠵᠢᠷᠭᠤᠭᠠᠨ ᠵᠣᠷᠪᠣᠰ ᠲᠠᠢ᠃ ᠨᠢᠭᠡᠳᠦᠭᠡᠷ ᠪᠦᠯᠦᠭ ᠤᠨ ᠶᠡᠷᠦᠩᠬᠡᠢ | ᠳᠦᠷᠢᠮ ᠳᠤ᠂ ᠳᠦᠷᠢᠮ ᠢ ᠳᠣᠭᠲᠠᠭᠠᠭᠰᠠᠨ ᠵᠣᠷᠢᠯᠭ᠎ᠠ᠂ ᠬᠡᠷᠡᠭᠵᠢᠭᠦᠯᠬᠦ ᠬᠡᠪᠴᠢᠶ᠎ᠡ᠂ ᠦᠨᠳᠦᠰᠦᠨ ᠵᠠᠷᠴᠢᠮ᠂ ᠬᠠᠮᠢᠶᠠᠷᠬᠤ ᠪᠠᠶᠢᠭᠤᠯᠤᠯ ᠲᠣᠭᠲᠠᠴᠠ᠂ ᠢᠷᠭᠡᠨ ᠤ | ᠡᠭᠦᠷᠭᠡ ᠪᠠ ᠡᠷᠬᠡ ᠵᠡᠷᠭᠡ ᠶᠢ ᠪᠣᠳᠠᠲᠠᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠤᠰᠤ ᠠᠷᠪᠢᠯᠠᠨ ᠤᠰᠤ ᠶᠢ | ᠡᠵᠡᠮᠳᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠪᠠᠲᠤᠯᠠᠬᠤ ᠪᠠ ᠬᠢᠨᠠᠬᠤ ᠵᠢᠴᠢ ᠳᠠᠭᠠᠯᠲᠠ ᠳᠦᠷᠢᠮ ᠵᠡᠷᠭᠡ ᠠᠭᠤᠯᠭ᠎ᠠ ᠲᠠᠢ᠃ ᠲᠤᠰ ᠳᠦᠷᠢᠮ ᠢ ᠬᠡᠷᠡᠭᠵᠢᠭᠦᠯᠬᠦ ᠨᠢ | ᠪᠠᠶᠠᠨᠨᠠᠭᠤᠷ ᠬᠤᠳᠠ ᠶᠢᠨ ᠤᠯᠠᠭᠠᠨᠰᠤᠬᠠᠢ ᠶᠢ ᠬᠠᠮᠠᠭᠠᠯᠠᠨ ᠵᠠᠰᠠᠬᠤ ᠰᠡᠳᠬᠢᠮᠵᠢ ︽ᠲᠠᠩ ᠭᠠᠭᠴᠠ ᠨᠠᠭᠤᠷ ᠴᠥᠭᠦᠷᠥᠮ ᠢ ᠵᠠᠰᠠᠵᠤ︾ ᠪᠠᠶᠢᠭᠰᠠᠨ ᠠᠴᠠ ︽ᠰᠠᠪᠠ | ᠭᠠᠵᠠᠷ ᠢ ᠰᠢᠰᠲ᠋ᠧᠮ ᠲᠠᠢ ᠪᠠᠷ ᠵᠠᠰᠠᠬᠤ︾ ᠲᠡᠶᠢᠰᠢ ᠦᠨᠳᠦᠰᠦᠨ ᠬᠤᠪᠢᠷᠠᠯᠲᠠ ᠭᠠᠷᠤᠭᠰᠠᠨ ᠢ ᠬᠠᠷᠠᠭᠤᠯᠤᠨ᠎ᠠ᠃ | ᠣᠶᠢᠯᠠᠭᠠᠭᠰᠠᠨ ᠢᠶᠠᠷ᠂ ᠤᠯᠠᠭᠠᠨᠰᠤᠬᠠᠢ ᠪᠣᠯ ᠬᠠᠲᠤᠨ ᠭᠤᠣᠯ ᠤᠨ ᠤᠷᠤᠰᠬᠠᠯ ᠤᠨ ᠵᠠᠮ ᠢ ᠥᠭᠡᠷᠡᠴᠢᠯᠡᠵᠦ ᠪᠣᠶ ᠪᠣᠯᠭᠠᠭᠰᠠᠨ ᠪᠤᠭᠤᠯᠠᠭᠠᠨ ᠨᠠᠭᠤᠷ ᠪᠥᠭᠡᠳ | ᠬᠠᠲᠤᠨ ᠭᠤᠣᠯ ᠤᠨ ᠰᠠᠪᠠ ᠭᠠᠵᠠᠷ ᠲᠠᠬᠢ ᠬᠠᠮᠤᠭ ᠤᠨ ᠶᠡᠭᠡ ᠨᠠᠭᠤᠷ ᠨᠤᠭᠤ ᠲᠠᠢ ᠭᠠᠵᠠᠷ ᠪᠠᠶᠢᠵᠤ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ | ᠤᠰᠤᠨ ᠤ ᠴᠢᠨᠠᠷ ᠢ ᠴᠡᠪᠡᠷᠰᠢᠭᠦᠯᠬᠦ᠂ ᠰᠥᠩ ᠬᠠᠯᠢᠶ᠎ᠠ ᠬᠢᠭᠡᠳ ᠦᠶᠡᠷ ᠢ ᠰᠡᠷᠭᠡᠶᠢᠯᠡᠬᠦ ᠵᠡᠷᠭᠡ ᠣᠯᠠᠨ ᠴᠢᠬᠤᠯᠠ ᠴᠢᠳᠠᠮᠵᠢ ᠲᠠᠢ᠃ ᠮᠥᠨ ᠴᠦ ᠬᠠᠲᠤᠨ ᠭᠤᠣᠯ ᠤᠨ | ᠠᠮᠢ ᠠᠬᠤᠢ ᠶᠢᠨ ᠠᠮᠤᠷ ᠲᠦᠪᠰᠢᠨ ᠤ ︽ᠪᠠᠶᠢᠭᠠᠯᠢ ᠶᠢᠨ ᠪᠥᠭᠡᠷ᠎ᠡ︾᠂ ᠮᠠᠨ ᠤ ᠤᠯᠤᠰ ᠤᠨ ᠤᠮᠠᠷᠠᠲᠤ ᠶᠢᠨ ᠠᠯᠢ ᠣᠯᠠᠨ ᠠᠮᠢ ᠠᠬᠤᠢ ᠶᠢᠨ ᠴᠢᠳᠠᠮᠵᠢ ᠶᠢᠨ | ᠠᠭᠤᠯᠵᠠᠷ ᠣᠷᠣᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠬᠢᠵᠠᠭᠠᠷᠯᠠᠬᠤ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠤᠮ᠃ ᠤᠯᠠᠭᠠᠨᠰᠤᠬᠠᠢ | ᠨᠠᠭᠤᠷ ᠨᠢ ᠪᠣᠷᠣᠳᠣᠬᠤᠢ ᠶᠢᠨ ᠲᠠᠯ᠎ᠠ ᠭᠠᠵᠠᠷ᠂ ᠨᠠᠭᠤᠷ ᠴᠥᠭᠦᠷᠥᠮ ᠨᠤᠭᠤ ᠭᠠᠵᠠᠷ ᠵᠡᠷᠭᠡ ᠠᠮᠢ ᠠᠬᠤᠢ ᠶᠢᠨ ᠡᠯᠧᠮᠧᠨ᠋ᠲ ᠤᠳ ᠲᠠᠢ ᠨᠡᠶᠢᠯᠡᠭᠡᠳ ᠤᠯᠠᠭᠠᠨᠰᠤᠬᠠᠢ ᠶᠢᠨ | ᠰᠠᠪᠠ ᠭᠠᠵᠠᠷ ᠢ ᠪᠦᠷᠢᠯᠳᠦᠭᠦᠯᠵᠡᠢ᠃ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠵᠠᠰᠠᠬᠤ ᠨᠢ ᠮᠠᠨ ᠤ ᠤᠯᠤᠰ ᠤᠨ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠣᠳᠠᠲᠤ | ᠠᠴᠢ ᠬᠤᠯᠪᠣᠭᠳᠠᠯ ᠲᠠᠢ ᠠᠵᠢ᠃ | | |