ᠪᠠᠶᠠᠨᠨᠠᠭᠤᠷ ᠬᠤᠳᠠ ᠶᠢᠨ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠲᠤᠬᠠᠶᠢᠯᠠᠪᠠᠯ ᠡᠨᠡ ᠵᠢᠯ ᠤᠨ 241 | ᠳ᠋ᠦ᠋ᠭᠡᠷ ᠪᠣᠭᠤᠮᠲᠠ ᠪᠠᠷ ᠥᠩᠭᠡᠷᠡᠬᠦ ᠬᠦᠴᠦᠨ ᠲᠠᠢ ᠡᠳᠦᠷ ᠪᠣᠯᠲᠠᠯ᠎ᠠ᠂ ᠭᠠᠭᠴᠠᠮᠣᠳᠤ ᠪᠣᠭᠤᠮᠲᠠ ᠪᠠᠷ | ᠥᠩᠭᠡᠷᠡᠭᠦᠯᠦᠭᠰᠡᠨ ᠪᠠᠷᠠᠭᠠᠨ ᠤ ᠬᠡᠮᠵᠢᠶ᠎ᠡ 3004.07 ᠲᠦᠮᠡᠨ ᠲᠣᠨ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 124.96% ᠪᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ | ᠨᠡᠭᠦᠷᠡᠰᠦ 2891.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 131.53% ᠪᠠᠷ | ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠳᠠᠭ 71.34 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.47% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ | ᠪᠠᠷᠠᠭ᠎ᠠ 41.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83.62% ᠢᠶᠠᠷ ᠨᠡᠮᠡᠭᠳᠡᠵᠦ | ᠂ ᠭᠠᠭᠴᠠᠮᠣᠳᠤ ᠪᠣᠭᠤᠮᠲᠠ ᠪᠠᠷ ᠥᠩᠭᠡᠷᠡᠭᠦᠯᠦᠭᠰᠡᠨ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ | ᠭᠠᠭᠴᠠᠮᠣᠳᠤ ᠪᠣᠭᠤᠮᠲᠠ ᠶᠢ ᠨᠡᠭᠡᠭᠡᠭᠰᠡᠨ 31 ᠵᠢᠯ ᠤᠨ ᠲᠤᠷᠰᠢ᠂ ︽ᠪᠦᠰᠡ ᠪᠠ ᠵᠠᠮ︾ ᠤᠨ ᠶᠡᠭᠡ | ᠪᠠᠶᠢᠷᠢᠰᠢᠯ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠪᠠᠷ ᠠᠭᠤᠰᠤᠯᠴᠠᠵᠤ᠂ ᠰᠠᠭᠤᠷᠢ | ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠭᠦᠯᠬᠦ ᠬᠠᠮᠲᠤᠷᠠᠯᠴᠠᠭ᠎ᠠ᠂ ᠲᠠᠪᠴᠠᠩ ᠤᠨ | ᠬᠠᠮᠲᠤᠷᠠᠯᠴᠠᠭᠰᠠᠨ ᠪᠦᠲᠦᠭᠡᠨ ᠪᠠᠶᠢᠭᠤᠯᠤᠯᠲᠠ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠢᠨ᠎ᠡ | ᠵᠠᠮ ᠢ ᠨᠡᠭᠡᠭᠡᠬᠦ ᠵᠡᠷᠭᠡ ᠬᠦᠷᠢᠶᠡᠨ ᠳᠤ ᠲᠠᠰᠤᠷᠠᠯᠲᠠ ᠦᠭᠡᠢ ᠬᠦᠴᠦᠯᠡᠵᠦ᠂ AGV ᠬᠢᠯᠢ ᠠᠯᠤᠰᠯᠠᠭᠰᠠᠨ | ᠲᠡᠭᠡᠭᠡᠪᠦᠷᠢ ᠶᠢᠨ ᠵᠠᠭᠪᠤᠷ ᠨᠢ ᠪᠣᠭᠤᠮᠲᠠ ᠶᠢᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠪᠠᠶᠢᠭᠤᠯᠬᠤ ᠳᠤ | ᠵᠠᠮ ᠬᠠᠩᠭᠠᠵᠤ᠂ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢ ᠲᠦᠢᠯ ᠤᠨ ᠶᠡᠭᠡ ᠪᠠᠷ ᠨᠡᠮᠡᠭᠳᠡᠭᠦᠯᠦᠨ᠂ | ᠭᠠᠭᠴᠠᠮᠣᠳᠤ ᠪᠣᠭᠤᠮᠲᠠ ᠶᠢᠨ ᠵᠢᠯ ᠤᠨ ᠪᠠᠷᠠᠭ᠎ᠠ ᠶᠢᠨ ᠬᠡᠮᠵᠢᠶ᠎ᠡ ᠲᠦᠮᠡᠨ ᠲᠣᠨ ᠬᠦᠷᠬᠦ ᠦᠭᠡᠢ ᠪᠠᠶᠢᠭᠰᠠᠨ ᠠᠴᠠ ᠪᠥᠬᠦ | ᠤᠯᠤᠰ ᠤᠨ ᠪᠠᠷᠠᠭ᠎ᠠ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠬᠤ ᠳᠤ ᠬᠦᠴᠦᠨ | ᠨᠡᠮᠡᠷᠢᠯᠡᠪᠡ᠃ | ︽ᠣᠶᠢᠷ᠎ᠠ ᠶᠢᠨ ᠵᠢᠯ ᠤᠳ ᠠᠴᠠ ᠨᠠᠭᠠᠰᠢ᠂ ︿ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠭᠦᠯᠬᠦ﹀ | ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠭᠰᠠᠨ ᠨᠢ ᠭᠠᠭᠴᠠᠮᠳᠤ ᠪᠣᠭᠤᠮᠲᠠ ᠶᠢᠨ ︿ᠲᠠᠪᠤᠨ ᠶᠡᠭᠡ | ᠡᠭᠦᠷᠭᠡ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠪᠠᠶᠠᠨᠨᠠᠭᠤᠷ ᠬᠤᠲᠠ ᠶᠢᠨ ︿ᠲᠠᠪᠤᠨ ᠥᠨᠳᠥᠷ ᠲᠠᠪᠤᠨ | ᠲᠣᠭᠤᠷᠢᠭ﹀ ᠤᠨ ᠬᠠᠷᠠᠯᠲᠠ ᠶᠢᠨ ᠴᠢᠬᠤᠯᠠ ᠭᠠᠷᠳᠠᠴᠠ ᠮᠥᠨ᠃︾ ᠭᠠᠭᠴᠠᠮᠣᠳᠤ ᠪᠣᠭᠤᠮᠲᠠ ᠶᠢᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠲᠢᠶᠠᠨ ᠬᠦᠶ ᠬᠤ᠋ ᠲᠠᠨᠢᠯᠴᠠᠭᠤᠯᠬᠤ ᠳᠤ ᠪᠠᠨ᠂ ︽ᠳᠠᠷᠠᠭ᠎ᠠ ᠪᠠᠷ | ᠭᠠᠭᠴᠠᠮᠣᠳᠤ ᠪᠣᠭᠤᠮᠲᠠ ︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ﹀ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠭᠴᠠᠮᠣᠳᠤ | ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ︿ᠣᠶᠤᠨᠲᠤ ᠪᠣᠭᠤᠮᠲᠠ﹀ ︿ᠲᠣᠭᠠᠴᠢᠯᠠᠭᠰᠠᠨ ᠤᠯᠤᠰ ᠤᠨ ᠡᠭᠦᠳᠡ﹀ ᠶᠢᠨ | ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠭᠤᠮᠲᠠ ᠪᠠᠷ | ᠥᠩᠭᠡᠷᠡᠭᠦᠯᠬᠦ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠤᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ᠂ | ᠬᠢᠯᠢ ᠪᠠ ᠳᠣᠲᠣᠷ ᠭᠠᠵᠠᠷ ᠬᠠᠷᠢᠯᠴᠠᠨ ᠬᠥᠳᠡᠯᠦᠯᠴᠡᠬᠦ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠣᠨᠣᠪᠴᠢᠲᠠᠢ ᠬᠦᠴᠦᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠬᠦᠴᠦ ᠪᠠᠨ ᠡᠷᠭᠦᠨ᠎ᠡ︾ ᠭᠡᠵᠦ ᠬᠡᠯᠡᠪᠡ᠃ | |