ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠳᠤᠷ ᠪᠦᠳᠦᠭᠡᠨ ᠪᠠᠶᠢᠭᠤᠯᠵᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠭᠢᠵᠢᠭᠦᠯᠵᠤ ᠪᠤᠢ
ᠨᠡᠶᠢᠲᠡᠯᠡᠭᠰᠡᠨ ᠴᠠᠭ᠄
2023/11/13
     ᠣᠶᠢᠷ᠎ᠠ ᠶᠢᠨ ᠵᠢᠯ ᠠᠴᠠ ᠨᠠᠭᠠᠰᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠬᠤᠪᠢᠷᠠᠭᠤᠯᠬᠤ ᠪᠠ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠲᠥᠷᠥᠯ ᠵᠦᠢᠯ ᠢᠶᠠᠷ ᠭᠤᠤᠯ ᠪᠣᠯᠭᠠᠬᠤ᠂ ᠪᠠᠯᠠ ᠣᠷᠣᠭᠤᠯᠤᠯᠲᠠ ᠪᠠᠷ ᠭᠤᠤᠯ ᠪᠣᠯᠭᠠᠬᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ ᠬᠠᠷᠠᠯᠲᠠ ᠶᠢᠨ ᠰᠡᠳᠭᠢᠴᠡ ᠶᠢ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃     2019 ᠣᠨ ᠠᠴᠠ ᠨᠠᠭᠠᠰᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠶ ᠬᠡᠷᠡᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ︽ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ︾ ᠭᠠᠵᠠᠷ ᠰᠢᠷᠣᠶ ᠶᠢᠨ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠭᠡᠬᠦ᠂ ᠨᠢᠭᠡ ᠶᠢ ᠰᠢᠨ᠎ᠡ ᠪᠠᠷ ᠪᠠᠶᠢᠭᠤᠯᠬᠤ︾ ᠪᠦᠳᠦᠭᠡᠨ ᠪᠠᠶᠢᠭᠤᠯᠤᠯᠲᠠ ᠶᠢᠨ ᠰᠡᠳᠭᠢᠴᠡ ᠪᠠᠷ ᠳᠠᠮᠵᠢᠭᠤᠯᠤᠨ᠂ ᠤᠤᠯ ᠳᠠᠭᠠᠨ ᠭᠠᠵᠠᠷ ᠰᠢᠷᠤᠢ ᠬᠡᠰᠡᠭ ᠪᠤᠰᠠᠭ ᠪᠥᠭᠡᠳ ᠡᠮᠬᠢ ᠵᠠᠮᠪᠠᠷᠠᠭ᠎ᠠ ᠦᠭᠡᠢ ᠪᠠᠶᠢᠭᠰᠠᠨ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ︽ᠲᠠᠷᠢᠶᠠᠨ ᠭᠠᠵᠠᠷ᠂ ᠭᠠᠵᠠᠷ ᠰᠢᠷᠣᠶ᠂ ᠤᠰᠤ ᠂ ᠵᠠᠮ᠂ ᠤᠢ ᠮᠤᠳᠤ᠂ ᠴᠠᠬᠢᠯᠭᠠᠨ᠂ ᠮᠡᠷᠭᠡᠵᠢᠯ᠂ ᠬᠤᠭᠤᠯᠠᠶ ᠲᠤᠤᠷ︾ ᠢ ᠶᠡᠷᠦᠩᠬᠡᠶᠢᠯᠡᠨ ᠢᠵᠢ ᠪᠦᠷᠢᠳᠦᠭᠦᠯᠵᠦ᠂ ᠲᠠᠷᠢᠶᠠᠯᠠᠩ ᠤᠨ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠬᠠᠮᠳᠤ ᠬᠦᠢᠭᠡᠨ ᠪᠤᠯᠠᠵᠤ ᠳᠤᠰᠤᠯᠭᠠᠨ ᠤᠰᠤᠯᠠᠬᠤ ᠪᠠᠷ ᠭᠤᠣᠯ ᠪᠣᠯᠭᠠᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠬᠠᠳᠤᠨ ᠭᠤᠣᠯ ᠤᠨ ᠤᠰᠤᠨ ᠤ ᠳᠤᠰᠤᠯᠭᠠᠨ ᠤᠰᠤᠯᠠᠬᠤ ᠲᠥᠬᠦᠭᠡᠷᠦᠮᠵᠢ ᠶᠢ ᠠᠰᠢᠭᠯᠠᠨ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠶᠢ ᠪᠡᠶᠡᠯᠡᠭᠦᠯᠦᠨ᠂ ᠭᠠᠵᠠᠷ ᠳᠡᠭᠡᠷᠡᠬᠢ ᠤᠰᠤ ᠶᠢ ᠵᠦᠢ ᠵᠣᠬᠢᠰᠲᠠᠶ ᠠᠰᠢᠭᠯᠠᠵᠤ᠂ ᠤᠰᠤ᠂ ᠪᠤᠷᠳᠤᠭᠤᠷ ᠢ ᠠᠰᠢᠭᠯᠠᠬᠤ ᠦᠷ᠎ᠡ ᠪᠦᠲᠦᠮᠵᠢ ᠶᠢ ᠮᠡᠳᠡᠭᠳᠡᠭᠦᠶᠢᠴᠨ ᠳᠡᠭᠡᠭᠰᠢᠯᠡᠭᠦᠯᠦᠭᠰᠡᠨ ᠪᠠᠶᠢᠨ᠎ᠠ᠃     ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠠᠯ᠎ᠠ ᠪᠠᠷ᠂ ︽ᠣᠷᠳᠣᠰ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠡᠯ᠎ᠡ ᠭᠠᠵᠠᠷ ᠢ ᠵᠢᠯᠣᠭᠤᠳᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠨᠢᠭᠡ ᠮᠥ ᠭᠠᠵᠠᠷ ᠢ ᠪᠦᠳᠦᠭᠡᠨ ᠪᠠᠶᠢᠭᠤᠯᠪᠠᠯ ᠨᠢᠭᠡ ᠮᠥ ᠭᠠᠵᠠᠷ ᠤᠨ ᠦᠷ᠎ᠡ ᠪᠦᠲᠦᠮᠵᠢ ᠣᠯᠵᠤ᠂ ᠨᠢᠭᠡ ᠮᠤ᠋ ᠭᠠᠵᠠᠷ ᠢ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠣᠷᠳᠣ ᠬᠤᠭᠤᠴᠠᠭ᠎ᠠ ᠪᠠᠷ ᠦᠷᠭᠦᠯᠵᠢᠯᠡᠨ ᠪᠠᠳᠠᠷᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠭᠢᠵᠢᠭᠦᠯᠦᠭᠰᠡᠨ ᠪᠠᠶᠢᠨ᠎ᠠ᠃     ᠣᠲᠣᠬᠠᠨ ᠪᠣᠯᠲᠠᠯ᠎ᠠ᠂ ᠪᠥᠬᠦ ᠬᠤᠲᠠ ᠳᠤ ᠲᠥᠪᠯᠡᠷᠡᠨ ᠵᠠᠯᠭᠠᠯᠳᠤᠭᠰᠠᠨ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 106.5 ᠲᠦᠮᠡᠨ ᠮᠥ ᠪᠦᠳᠦᠭᠡᠨ ᠪᠠᠶᠢᠭᠤᠯᠵᠤ᠂ ᠡᠭᠦᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ 82.52 ᠲᠦᠮᠡᠨ ᠮᠥ᠂ ︽ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ︾ ᠪᠥᠲᠥᠭᠡᠨ ᠪᠠᠶᠢᠭᠤᠯᠤᠯᠲᠠ ᠶᠢᠨ ᠲᠠᠯᠠᠪᠠᠶ 14.9 ᠲᠦᠮᠡᠨ ᠮᠥ᠂ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠭᠠᠵᠠᠷ 4 ᠲᠦᠮᠡᠨ ᠮᠥ ᠪᠠᠶᠢᠵᠤ᠂ 9.9 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ︽ᠪᠠᠭ᠎ᠠ ᠲᠠᠷᠢᠶᠠᠨ ᠭᠠᠵᠠᠷ︾ ᠢ ︽ᠶᠡᠭᠡ ᠲᠠᠷᠢᠶᠠᠨ ᠭᠠᠵᠠᠷ︾ ᠪᠣᠯᠭᠠᠨ ᠬᠤᠪᠢᠷᠠᠭᠤᠯᠬᠤ᠂ ᠤᠰᠤ ᠶᠡᠭᠡ ᠬᠤᠷᠣᠭᠳᠠᠭᠤᠯᠵᠤ ᠪᠠᠶᠢᠬᠰᠠᠨ ᠠᠴᠠ ᠪᠠᠨ ᠤᠰᠤ ᠪᠠᠭ᠎ᠠ ᠬᠤᠷᠣᠭᠳᠠᠭᠤᠯᠬᠤ᠂ ᠤᠨᠠᠯᠲᠠ ᠪᠠᠭ᠎ᠠ ᠲᠠᠷᠢᠶᠠᠨ ᠭᠠᠵᠠᠷ ᠢ ᠥᠨᠳᠥᠷ ᠬᠤᠷᠢᠶᠠᠯᠲᠠ ᠪᠥᠬᠦᠶ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠪᠡ᠃     ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠶᠡᠭᠡ ᠪᠠᠷ ᠠᠬᠢᠭᠤᠯᠵᠤ᠂ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠦᠷᠭᠦᠯᠵᠢᠯᠡᠨ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠪᠤᠯᠤᠨ᠎ᠠ᠃ 
ᠢᠷᠡᠯᠲᠡ᠄ ᠤᠷᠳᠤᠰ ᠮᠤᠩᠭᠤᠯ ᠰᠦᠯᠵᠢᠶ᠎ᠡ