ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠡᠨ ᠲᠠᠪᠤᠳᠤᠭᠠᠷ ᠬᠤᠭᠤᠴᠠᠭᠠᠨ ᠤ ᠪᠠᠶ᠎ᠠ ᠶᠢᠨ ᠲᠡᠮᠢᠷ ᠤᠨ ᠴᠤᠬᠯᠠᠭᠠᠨ ᠪᠡ ᠵᠢᠷᠭᠤᠳᠤᠭᠠᠷ ᠬᠤᠭᠤᠴᠠᠭᠠᠨ ᠤ ᠵᠠᠮᠳᠡᠭᠴᠤᠳ ᠤᠨ ᠪᠠᠶ᠎ᠠ ᠶᠢᠨ ᠲᠠᠮᠢᠷ ᠤᠨ ᠴᠤᠬᠯᠠᠭᠠᠨ ᠤ ᠰᠠᠶᠢᠨ ᠲᠤᠷᠠᠴᠤᠤᠯ ᠢ ᠭᠦᠭᠢᠭᠦᠯᠦᠨ ᠰᠠᠶᠢᠰᠢᠶᠠᠬᠤ ᠬᠤᠷᠡᠯ ᠬᠤᠷᠡᠯᠳᠤᠵᠡᠢ
ᠨᠡᠶᠢᠲᠡᠯᠡᠭᠰᠡᠨ ᠴᠠᠭ᠄
2023/11/13
     ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ ᠲᠤᠷᠠᠴᠤᠤᠯ ᠢ ᠬᠥᠬᠢᠭᠦᠯᠦᠨ ᠰᠠᠶᠢᠰᠢᠶᠠᠬᠤ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠡᠯᠳᠤᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠨ ᠬᠤᠸᠠ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠤᠨ ᠪᠦᠬᠦ ᠠᠵᠢᠯ ᠢ ᠡᠷᠭᠢᠴᠡᠭᠦᠯᠦᠨ ᠳ᠋ᠦᠩᠨᠡᠵᠦ᠂ ᠰᠠᠶᠢᠨ ᠳᠤᠷᠠᠴᠤᠤᠯ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠶᠠᠷᠢᠵᠤ᠂ ᠤᠷᠤᠯᠳᠤᠭᠠᠨ ᠤ ᠬᠤᠭᠤᠴᠠᠭᠠᠨ ᠳᠤ ᠰᠠᠶᠢᠨ ᠠᠵᠢᠯᠯᠠᠬᠰᠠᠨ᠂ ᠭᠠᠷᠮᠠᠭᠠᠢ ᠦᠢᠯᠡᠴᠢᠯᠡᠭᠰᠡᠨ 244 ᠰᠠᠶᠢᠨ ᠲᠤᠷᠠᠴᠤᠤᠯ ᠢ ᠬᠥᠬᠢᠭᠦᠯᠦᠨ ᠰᠠᠶᠢᠰᠢᠶᠠᠪᠠ᠃      ᠵᠧᠨ ᠬᠤᠸᠠ᠂ ᠥᠷᠭᠡᠨ ᠣᠯᠠᠨ ᠵᠠᠯᠠᠭᠤ ᠰᠠᠶᠢᠨ ᠲᠤᠷᠠᠴᠤᠤᠯ ᠬᠦᠰᠡᠯᠡᠩ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠡᠶᠢᠭᠡᠮ ᠤᠨ ᠦᠢᠯᠡᠳᠦᠯᠭᠡ ᠳᠤ ᠲᠡᠪᠳᠡᠨ ᠪᠤᠯᠪᠠᠰᠤᠷᠠᠭᠤᠯᠵᠤ᠂ ᠨᠡᠶᠢᠭᠡᠮ ᠤᠨ ᠬᠠᠷᠢᠭᠤᠴᠠᠯᠭᠠᠲᠤ ᠰᠡᠳᠭᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠶᠠᠨ ᠳᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠦᠨ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠵᠠᠯᠠᠭᠤ ᠨᠠᠰᠤᠨ ᠤ ᠭᠢᠯᠠᠯᠵᠠᠬᠰᠠᠨ ᠬᠠᠭᠤᠳᠠᠰᠤ ᠶᠢ ᠪᠢᠴᠢᠭᠯᠡᠬᠦ ᠶᠢ ᠭᠦᠰᠡᠵᠤ ᠪᠠᠶᠢᠨ᠎ᠠ ᠭᠡᠵᠡᠢ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠮᠠᠨ ᠤ ᠬᠤᠳᠠ ᠶᠢᠨ 2860 ᠵᠠᠯᠠᠭᠤ ᠰᠠᠶᠢᠨ ᠲᠤᠷᠠᠴᠤᠤᠯ ︽ᠬᠠᠷᠠᠮ ᠦᠭᠡᠢ ᠵᠣᠷᠢᠭᠤᠯᠤᠨ᠂ ᠨᠥᠬᠦᠷᠰᠡᠭ ᠪᠠᠶᠢᠵᠤ᠂ ᠬᠠᠷᠢᠯᠴᠠᠨ ᠬᠠᠪᠰᠤᠷᠤᠯᠴᠠᠵᠤ᠂ ᠦᠭᠡᠳᠡᠯᠡᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠡᠯ᠎ᠡ ᠲᠥᠯᠥᠭᠡᠯᠡᠭᠴᠢᠳ ᠤᠨ ᠪᠦᠯᠬᠦᠮ᠂ ᠲᠠᠮᠢᠷᠴᠢᠳ᠂ ᠬᠢᠨᠠᠭᠴᠢᠳ᠂ ᠦᠵᠡᠭᠴᠢᠳ᠂ ᠬᠤᠳᠠ ᠶᠢᠨ ᠠᠷᠠᠳ ᠤᠳ ᠲᠤ ᠨᠠᠷᠢᠨ ᠨᠢᠮᠪᠠᠢ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠤᠷᠤᠯᠳᠤᠭᠠᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠶᠢᠷ᠎ᠠ ᠬᠠᠯᠠᠮᠵᠢᠳᠤ ᠬᠤᠳᠠ ᠶᠢᠨ ᠰᠠᠶᠢᠨ ᠰᠠᠶᠢᠬᠠᠨ ᠲᠦᠷᠢ ᠲᠦᠷᠭᠦ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃  
ᠢᠷᠡᠯᠲᠡ᠄ ᠤᠷᠳᠤᠰ ᠤᠨ ᠡᠳᠤᠷ ᠤᠨ ᠰᠤᠨᠢᠨ