ᠪᠦᠬᠦ ᠤᠷᠤᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠳᠤ ᠲᠣᠬᠢᠷᠠᠭᠤᠯᠤᠯᠳᠠ ᠬᠢᠪᠠ
ᠨᠡᠶᠢᠲᠡᠯᠡᠭᠰᠡᠨ ᠴᠠᠭ᠄
2023/11/14
                         ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠠᠳᠬᠤᠬᠤ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠴᠢᠬᠤᠯᠠ ᠠᠷᠭ᠎ᠠ  ᠬᠡᠮᠵᠢᠶ᠎ᠡ ᠪᠠᠶᠢᠵᠤ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠪᠣᠳᠠᠲᠤ ᠠᠵᠢᠯᠯᠠᠭ᠎ᠠ ᠮᠥᠨ᠃ ᠡᠨᠡ ᠵᠢᠯ ᠮᠠᠨ ᠤ ᠤᠷᠤᠨ ᠤ ᠲᠠᠪᠤᠨ ᠲᠠᠷᠢᠶ᠎ᠠ ᠡᠯᠪᠡᠭ ᠬᠤᠷᠢᠶᠠᠯᠲᠠ ᠣᠯᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠨᠢᠭᠡᠨᠲᠡ ᠡᠬᠢᠯᠡᠵᠤ᠂ ᠮᠥᠬᠦᠯᠢᠭ ᠠᠮᠤ ᠪᠦᠷᠢ ᠶᠢ ᠬᠥᠮᠥᠷᠭᠡ ᠳᠤ ᠣᠷᠣᠭᠤᠯᠬᠤ ᠠᠵᠢᠯ ᠢᠳᠡᠪᠬᠢᠳᠠᠢ ᠶᠠᠪᠤᠭᠳᠠᠵᠤ ᠪᠠᠶᠢᠨ᠎ᠠ᠃     ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠤᠯᠪᠤᠭᠳᠠᠬᠤ ᠲᠦᠷᠦᠯ ᠵᠦᠢᠯ ᠤᠯᠠᠨ᠂ ᠬᠡᠪᠴᠢᠶ᠎ᠡ ᠦᠷᠭᠡᠨ᠂ ᠬᠡᠮᠵᠢᠶ᠎ᠡ ᠶᠡᠭᠡ ᠪᠤᠯᠬᠤᠷ ᠪᠦᠬᠦ ᠵᠢᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠤᠯᠬᠤ ᠶᠤᠮ᠃     ᠡᠨᠡ ᠵᠢᠯ ᠤᠨ ᠪᠦᠬᠦ ᠤᠯᠤᠰ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠬᠤᠷᠠᠯ ᠠᠴᠠ᠂ ᠡᠯ᠎ᠡ ᠭᠠᠵᠠᠷ ᠤᠨ ᠬᠢᠨ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠠᠵᠢᠯ ᠢ ᠨᠢᠮᠪᠠᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠷᠠᠭᠤᠯᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠳᠠᠯᠳᠤᠨ ᠠᠪᠬᠤ ᠶᠢ ᠬᠢᠨᠠᠮᠠᠭᠠᠢ ᠰᠠᠶᠢᠲᠤᠷ ᠠᠳᠬᠤᠵᠤ᠂ ᠲᠠᠷᠢᠶᠠᠴᠢᠳ ᠤᠨ ︽ᠬᠤᠷᠢᠶᠠᠭᠰᠠᠨ ᠠᠮᠤ ᠪᠤᠳᠠᠭ᠎ᠠ ᠪᠠᠨ ᠬᠤᠳᠠᠯᠳᠤᠨ ᠭᠠᠷᠭᠠᠵᠤ ᠳᠡᠶᠢᠯᠭᠦ︾ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠬᠤᠳᠠᠯᠳᠤᠨ ᠠᠪᠬᠤ ᠦᠢᠯᠡᠴᠢᠯᠡᠭᠡ ᠶᠢ ᠦᠨᠡᠨ ᠰᠡᠳᠭᠢᠯ ᠠᠴᠠ ᠪᠠᠨ ᠰᠢᠯᠢᠳᠡᠭᠵᠢᠭᠦᠯᠬᠦ ᠬᠡᠷᠡᠭᠲᠡᠢ︔ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠡᠷᠬᠢᠯᠳᠡ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ︔ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠶᠢ ᠴᠢᠩᠳᠠᠯᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠬᠤ ᠬᠡᠷᠡᠭᠳᠠᠢ ᠭᠡᠵᠤ ᠱᠠᠭᠠᠷᠳᠠᠵᠠᠢ᠃ ᠡᠬᠦᠨ ᠳᠤ ᠮᠠᠨ ᠤ ᠤᠷᠤᠨ ᠭᠤᠤᠯᠳᠠᠭᠤ 4 ᠲᠠᠯ᠎ᠠ ᠪᠠᠷ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠠᠬᠢᠭᠤᠯᠵᠤ ᠪᠠᠶᠢᠨ᠎ᠠ᠃     ᠨᠢᠬᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠡᠯ᠎ᠠ ᠠᠶᠢᠮᠠᠭ ᠬᠤᠲᠠ ᠶᠢ ᠱᠠᠯᠠᠪᠳᠠᠭᠤᠯᠵᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢ ᠰᠠᠶᠢᠲᠤᠷ ᠬᠢᠵᠦ᠂ ᠠᠮᠤ ᠪᠤᠳᠠᠭ᠎ᠠ ᠬᠤᠳᠠᠯᠳᠤᠨ ᠠᠪᠬᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠤ ᠪᠠᠶᠢᠨ᠎ᠠ᠃ ᠣᠳᠣᠬᠠᠨ ᠪᠣᠯᠲᠠᠯ᠎ᠠ ᠪᠦᠬᠦ ᠣᠷᠣᠨ ᠳᠤ ᠨᠢᠭᠡᠨᠳᠡ ᠳᠠᠩᠰᠠᠯᠠᠭᠤᠯᠤᠭᠰᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ 1624 ᠪᠤᠢ᠃     ᠬᠤᠶᠠᠷ ᠲᠤ᠂ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠤᠨ᠂ ᠵᠠᠰᠠᠭ ᠤᠨ ᠣᠷᠳᠣᠨ ᠤ ᠳᠠᠪᠬᠤᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭ᠎ᠠ ᠪᠠ ᠢᠳᠡᠭᠡᠨ ᠤ ᠲᠣᠰᠣ ᠦᠢᠯᠡᠳᠪᠦᠷᠢᠯᠡᠬᠦ ᠠᠵᠤ ᠠᠬᠤᠶᠢᠯᠠᠯ ᠳᠤ ᠲᠠᠪᠴᠠᠩ ᠪᠠᠶᠢᠭᠤᠯᠵᠤ ᠥᠭᠴᠠᠢ᠃ ᠭᠠᠳᠠᠭᠰᠢ ᠭᠠᠷᠬᠤ᠂ ᠤᠷᠢᠵᠤ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠵᠥᠪᠳᠡᠯᠴᠡᠬᠡᠷ ᠥᠷᠨᠢᠭᠦᠯᠬᠦ ᠶᠢ ᠳᠠᠶᠢᠴᠢᠯᠠᠬᠤ ᠪᠠ ᠬᠠᠪᠰᠤᠷᠴᠦ᠂ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠣᠷᠣᠨ ᠤ ᠤᠷᠲᠤ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠶᠢ ᠲᠠᠰᠤᠷᠠᠯᠲᠠ ᠥᠬᠡᠢ ᠪᠠᠬᠢᠵᠢᠭᠦᠯᠦᠨ ᠬᠥᠭᠵᠢᠭᠦᠯᠵᠦ᠂ ᠥᠪᠥᠷ ᠮᠣᠩᠭᠤᠯ ᠤᠨ ᠠᠮᠤ ᠪᠤᠳᠠᠭ᠎ᠠ ᠪᠠ ᠢᠳᠡᠭᠡᠨ ᠤ ᠲᠣᠰᠣᠨ ᠤ ᠲᠥᠷᠥᠯ ᠲᠡᠮᠳᠡᠭ ᠪᠤᠯᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠦᠨ᠂ ᠠᠮᠤ ᠪᠤᠳᠠᠭ᠎ᠠ ᠶᠢᠨ ᠣᠷᠣᠨ ᠪᠦᠰᠡ ᠠᠯᠤᠰᠯᠠᠨ ᠭᠦᠢᠯᠭᠡᠭᠡ ᠳᠤ ᠣᠷᠣᠬᠤ ᠶᠢ ᠠᠬᠢᠭᠤᠯᠪᠠ᠃     ᠭᠤᠷᠪᠠ ᠳᠤ᠂ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠪᠡᠯᠡ ᠬᠤᠷᠠᠮᠳᠤᠭᠤᠯᠭ᠎ᠠ ᠶᠢᠨ ᠪᠠᠳᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠨ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ︽ᠠᠮᠤ ᠪᠤᠳᠠᠭ᠎ᠠ ᠬᠤᠳᠠᠯᠳᠤᠨ ᠠᠪᠬᠤ ᠵᠣᠭᠤᠰ ᠲᠠᠢ ᠪᠠᠶᠢᠬᠤ︾ ᠶᠢ ᠴᠢᠷᠮᠠᠶᠢᠨ ᠪᠠᠲᠤᠯᠠᠵᠤ ᠪᠤᠢ᠃ ᠣᠳᠣᠬᠠᠨ ᠪᠣᠯᠲᠠᠯ᠎ᠠ ᠪᠦᠬᠦ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠶᠡᠷᠦᠩᠬᠡᠢ ᠬᠡᠮᠵᠢᠶ᠎ᠡ 10.53 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠭᠰᠠᠨ ᠮᠥᠷᠲᠡᠭᠡᠨ ᠪᠠᠰᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢᠨ ᠠᠷᠭ᠎ᠠ ᠵᠠᠮ ᠢ ᠥᠷᠭᠡᠳᠭᠡᠭᠰᠡᠨ ᠠᠵᠢ᠃     ᠲᠦᠷᠪᠡ ᠳᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠠᠮᠤ ᠪᠤᠳᠠᠭ᠎ᠠ ᠰᠢᠯᠵᠢᠭᠦᠯᠦᠨ ᠲᠡᠭᠡᠭᠡᠪᠦᠷᠢᠯᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠠᠷᠪᠢᠨ᠂ ᠮᠦᠭᠳᠡᠨ᠂ ᠬᠥᠬᠡᠬᠤᠲᠠ ᠵᠡᠷᠭᠡ ᠭᠠᠵᠠᠷ ᠤᠨ ᠲᠡᠮᠦᠷ ᠵᠠᠮ ᠤᠨ ᠪᠦᠯᠦᠭᠯᠡᠯ ᠺᠣᠮᠫᠠᠨᠢ ᠪᠣᠯᠤᠨ ᠬᠠᠮᠢᠶ᠎ᠠ ᠪᠦᠬᠦᠢ ᠵᠠᠰᠠᠮᠠᠯ ᠵᠠᠮ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠢ ᠨᠢᠭᠡᠳᠦᠯᠲᠡᠢ ᠵᠣᠬᠢᠴᠠᠭᠤᠯᠵᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠥᠬᠡᠢ ᠨᠡᠪᠲᠡᠷᠡᠬᠦ ᠶᠢ ᠪᠠᠲᠤᠯᠠᠬᠤ ᠲᠣᠭᠲᠠᠴᠠ ᠶᠢ ᠭᠦᠢᠴᠡᠳ ᠠᠰᠢᠭᠯᠠᠨ᠂ ︽ᠠᠮᠤ ᠪᠤᠳᠠᠭ᠎ᠠ ᠲᠡᠭᠡᠭᠡᠪᠦᠷᠢᠯᠡᠬᠦ ᠲᠡᠷᠭᠡ ᠲᠠᠢ ᠪᠠᠶᠢᠬᠤ︾ ᠶᠢ ᠦᠨᠡᠨ ᠬᠦ ᠪᠠᠲᠤᠯᠠᠵᠤ ᠪᠠᠶᠢᠨ᠎ᠠ᠃     ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠣᠳᠣ ᠪᠠᠶᠢᠭ᠎ᠠ ᠠᠮᠤ ᠪᠤᠳᠠᠭᠠᠨ ᠤ ᠰᠠᠩ ᠬᠥᠮᠥᠷᠭᠡ ᠶᠢᠨ ᠪᠠᠭᠲᠠᠭᠠᠮᠵᠢ 1080 ᠳ᠋ᠦᠩᠰᠢᠭᠤᠷ ᠵᠢᠩ ᠳᠤ ᠬᠦᠷᠴᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠴᠦ ᠬᠦᠮᠦᠷᠬᠡ ᠳᠤ ᠤᠷᠤᠭᠤᠯᠬᠤ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠮᠦᠷᠳᠡᠭᠡᠨ ︽ᠠᠮᠤ ᠪᠤᠳᠠᠭ᠎ᠠ ᠨᠦᠭᠡᠴᠡᠯᠡᠭᠦ ᠬᠥᠮᠥᠷᠭᠡ ᠲᠠᠢ ᠪᠠᠶᠢᠬᠤ︾ ᠶᠢ ᠦᠨᠡᠨ ᠬᠦ ᠪᠠᠲᠤᠯᠠᠵᠤ ᠴᠢᠳᠠᠪᠠ᠃ ᠡᠭᠦᠨ ᠤ ᠬᠠᠮᠳᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ 578 ᠦᠢᠯᠡᠴᠢᠯᠡᠭᠡᠨ ᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠲᠤ ᠠᠮᠤ ᠪᠤᠳᠠᠭ᠎ᠠ ᠶᠢ ᠴᠡᠪᠡᠷᠯᠡᠬᠦ᠂ ᠬᠠᠲᠠᠭᠠᠬᠤ᠂ ᠨᠦᠭᠡᠴᠡᠯᠡᠭᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ ᠪᠠᠶᠢᠨ᠎ᠠ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ