​ ᠳ᠋ᠦ᠋ ᠬᠤᠢ ᠯᠢᠶᠠᠩ ᠲᠤᠰᠬᠠᠢ ᠰᠡᠳᠦᠪᠳᠤ ᠬᠤᠷᠡᠯ ᠢ ᠡᠷᠭᠢᠯᠡᠨ ᠬᠤᠷᠡᠯᠳᠤᠭᠤᠯᠵᠤ ᠭᠤᠤᠯᠳᠠᠯᠭ᠎ᠠ ᠲᠠᠢ ᠠᠵᠢᠯ ᠢ ᠰᠤᠳᠤᠯᠦᠨ ᠪᠠᠶᠢᠷᠢᠯᠠᠭᠤᠯᠪᠡ
ᠨᠡᠶᠢᠲᠡᠯᠡᠭᠰᠡᠨ ᠴᠠᠭ᠄
2023/11/14
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠡᠳ᠋ ᠳᠠᠷᠤᠭ᠎ᠠ ᠨᠡᠷ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠠ ᠴᠠᠷᠠᠭᠠᠨ ᠳᠠᠬᠢ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠪᠠ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠰᠢᠨ᠎ᠡ ᠵᠠᠮ ᠢ ᠨᠡᠭᠡᠭᠡᠵᠦ᠂ ᠡᠮᠦᠨ᠎ᠡ ᠡ᠊ᠩᠨᠡᠭᠡᠨ ᠳᠤ ᠣᠷᠣᠬᠤ︾ ᠬᠠᠷᠠᠯᠲᠠ ᠶᠢᠨ ᠲᠤᠭᠤᠷᠢᠨ ᠳᠤ᠂ ᠡᠨᠡ ᠵᠢᠯ ᠤᠨ ︽ᠰᠡᠭᠦᠯ ᠬᠤᠷᠢᠶᠠᠬᠤ ᠳᠠᠶᠢᠯᠠᠯᠳᠤᠭᠠᠨ︾ ᠢ ᠦᠨᠡᠨ ᠬᠦ ᠰᠠᠶᠢᠲᠤᠷ ᠬᠢᠵᠦ᠂ ᠢᠷᠡᠬᠦ ᠵᠢᠯ ᠤᠨ ︽ᠡᠬᠢᠯᠡᠯᠲᠡ ᠶᠢᠨ ᠬᠠᠭᠤᠳᠠᠰᠦ︾ ᠶᠢ ᠲᠥᠯᠥᠪᠵᠢᠭᠦᠯᠦᠨ᠂ ᠡᠯ᠎ᠡ ᠲᠦᠷᠦᠯ ᠤᠨ ᠠᠵᠢᠯ ᠤᠨ ᠴᠢᠨᠠᠷᠵᠢᠯ ᠢ ᠳᠡᠭᠡᠭᠰᠢᠯᠡᠭᠦᠯᠦᠨ ᠵᠢᠬᠰᠠᠭᠠᠯᠳᠡ ᠳᠤ ᠲᠡᠪᠰᠢᠭᠦᠯᠭᠦ ᠶᠢ ᠠᠬᠢᠭᠤᠯᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃     ᠳ᠋ᠦ᠋ ᠬᠤᠢ ᠯᠢᠶᠠᠩ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠲᠠᠪᠤᠨ ᠶᠡᠭᠡ ᠡᠭᠦᠷᠭᠡ︾ ᠶᠢ ᠠᠭᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠳᠤ ᠲᠣᠭᠲᠠᠭᠠᠭᠰᠠᠨ ᠣᠨ ᠤ ᠬᠠᠷᠠᠯᠲᠠ ᠡᠭᠦᠷᠭᠡ ᠪᠠ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ᠂ ᠵᠥᠷᠢᠶ᠎ᠡ ᠶᠢ ᠡᠷᠢᠵᠦ᠂ ᠬᠠᠯᠠᠨ ᠰᠠᠶᠢᠵᠢᠷᠠᠭᠤᠯᠬᠤ ᠶᠢ ᠠᠳᠬᠤᠨ᠂ ᠳᠡᠭᠡᠭᠰᠢᠯᠡᠯᠳᠡ ᠶᠢ ᠠᠬᠢᠭᠤᠯᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠲᠡᠰ ᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠦᠷᠭᠦᠯᠵᠢᠯᠡᠨ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠬᠴᠢ᠂ ᠲᠠᠭᠠᠭᠤᠯᠤᠭᠴᠢ ᠪᠣᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠪᠦᠷᠢ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠲᠠᠨ ᠢ ᠠᠰᠠᠷᠠᠵᠤ ᠨᠢᠯᠬᠠᠰ ᠢ ᠬᠠᠷᠠᠭᠠᠯᠵᠠᠬᠤ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠪᠦᠷᠢᠨ ᠲᠡᠭᠦᠯᠳᠡᠷ ᠪᠣᠯᠭᠠᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠯᠳᠠ᠂ ᠱᠠᠯᠠᠪᠳᠠᠭᠤᠯᠤᠨ ᠪᠠᠶᠢᠴᠠᠭᠠᠯᠳᠠ ᠵᠡᠷᠭᠡ ᠳᠤ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠳᠠᠷᠤᠯᠲᠠ ᠥᠭᠴᠦ ᠠᠬᠢᠭᠤᠯᠤᠨ᠂ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠠᠶᠤᠯ ᠲᠦᠭᠰᠢᠭᠦᠷᠢ ᠶᠢᠨ ᠲᠡᠯᠳᠡ ᠬᠡᠮ ᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠨ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠭᠦᠷᠭᠡ ᠴᠢᠳᠡᠪᠭᠢ ᠲᠤᠰᠢᠶᠡᠯ ᠬᠠᠷᠢᠭᠤᠴᠠᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃     ᠬᠤᠳᠠ ᠶᠢᠨ ᠤᠳᠤᠷᠢᠳᠤᠯᠭ᠎ᠠ ᠰᠤ᠋ ᠼᠦᠢ ᠹᠠᠩ᠂ ᠬᠤᠸᠠ ᠷᠦᠢ ᠹᠧᠩ᠂ ᠵᠢᠶᠠᠩ ᠪᠥᠸᠧ᠂ ᠼᠤᠤ ᠺᠠᠢ ᠬᠤᠩ᠂ ᠮᠢᠶᠣᠣ ᠴᠧᠩ ᠢᠦᠢ᠂ ᠡᠷᠳᠡᠨᠢᠪᠢᠯᠢᠭ᠂ ᠵᠢᠷᠤᠮᠳᠤ᠂ ᠦ᠋ ᠵᠢᠶᠠᠨ ᠰᠢᠶᠦ᠋ᠨ ᠬᠤᠯᠪᠤᠬᠳᠡᠯ ᠪᠦᠬᠦᠢ ᠬᠤᠷᠠᠯ ᠳᠤ ᠣᠷᠣᠯᠴᠠᠪᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ