ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 606 ᠪᠤᠯᠤᠯ᠎ᠠ
ᠨᠡᠶᠢᠲᠡᠯᠡᠭᠰᠡᠨ ᠴᠠᠭ᠄
2023/11/14
     ᠤᠢᠢᠷ᠎ᠠ ᠶᠢᠨ ᠡᠳᠤᠷ᠂ ᠰᠤᠷᠪᠤᠯᠵᠢᠯᠠᠭᠴᠢ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶ᠎ᠡ ᠠᠴᠠ ᠤᠢᠢᠯᠠᠭᠠᠭᠰᠠᠨ ᠢᠶᠠᠷ᠂ 2023 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠳᠠ ᠳᠤ 81 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠡᠢ᠂ ᠡᠭᠦᠨ ᠳᠤ ᠠᠭᠤᠷᠬᠠᠢ ᠮᠠᠯᠲᠠᠬᠤ ᠦᠢᠯᠡᠰ 26᠂ ᠦᠢᠯᠡᠳᠬᠦ ᠦᠢᠯᠡᠰ 27᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ 28 ᠪᠠᠶᠢᠵᠤ᠂ ᠶᠡᠷᠦᠩᠬᠡᠢ ᠲᠤᠭ᠎ᠠ ᠨᠢ 606 ᠶᠢ ᠳᠠᠪᠠᠭᠰᠠᠨ ᠪᠠᠶᠢᠨ᠎ᠠ᠃     1- 9 ᠰᠠᠷ᠎ᠠ ᠳᠤ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠪᠥᠬᠦ ᠬᠤᠲᠠ ᠶᠢᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 5.4% ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠷᠤᠭ 2.8 ᠳᠠᠬᠢᠨ ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 4.4 ᠳᠠᠶᠢᠴᠢᠯᠠᠪᠠ᠃ 
ᠢᠷᠡᠯᠲᠡ᠄ ᠲᠥᠪ ᠷᠠᠳᠢᠣ᠋ ᠶᠢᠨ ᠮᠡᠳᠡᠭᠡ