ᠡᠶᠢᠮᠦ ᠠᠭᠤᠰᠬᠢᠨ ᠤ ᠦᠷᠪᠢᠰᠦᠯ ᠳᠤ ᠨᠡᠷᠪᠡᠭᠳᠡᠪᠡᠯ ᠡᠭᠦᠨ ᠢ ᠣᠨᠴᠠ ᠠᠩᠬᠠᠷᠬᠤ ᠬᠡᠷᠡᠭᠲᠡᠢ︕
ᠨᠡᠶᠢᠲᠡᠯᠡᠭᠰᠡᠨ ᠴᠠᠭ᠄
2023/11/20
      ᠣᠶᠢᠷ᠎ᠠ ᠳᠤ ᠮᠢᠺᠤᠫᠯᠠᠰᠮᠠ ᠠᠭᠤᠰᠬᠢᠨ ᠤ ᠦᠷᠪᠢᠰᠦᠯ  ᠳᠤ ᠬᠠᠯᠳᠠᠪᠤᠷᠢᠯᠠᠭᠳᠠᠭᠰᠠᠨ ᠬᠡᠦᠬᠡᠳ ᠨᠡᠯᠢᠶᠡᠳ ᠣᠯᠠᠨ ᠪᠣᠯᠵᠣ᠂ ᠶᠡᠭᠡ ᠬᠠᠯᠠᠭᠤᠷᠠᠵᠤ ᠬᠠᠨᠢᠶᠠᠯᠭᠠᠬᠤ᠂ ᠬᠤᠭᠤᠯᠠᠨ ᠤ ᠳᠤᠷᠠᠰᠢᠯ  ᠨᠢ ᠠᠨᠠᠢ ᠪᠣᠯᠵᠣ᠂ ᠡᠮᠴᠢᠯᠡᠭᠰᠡᠨ ᠤ ᠳᠠᠷᠠᠭ᠎ᠠ ᠪᠠᠰᠠ ᠪᠥᠭᠡᠯᠵᠢᠬᠦ ᠮᠡᠲᠦ ᠶᠢᠨ ᠢᠯᠡᠷᠡᠯ ᠭᠠᠷᠴᠤ ᠪᠠᠶᠢᠨ᠎ᠠ᠂ ᠡᠨᠡ  ᠨᠢ ᠡᠪᠡᠳᠴᠢᠨ ᠤ ᠡᠳᠡᠭᠡᠷᠡᠬᠦ ᠴᠠᠭ ᠢ ᠤᠷᠲᠤᠳᠬᠠᠭᠰᠠᠨ ᠢᠶᠠᠷ ᠪᠠᠷᠠᠬᠤ ᠥᠬᠡᠶ᠂ ᠴᠢᠨᠠᠭᠰᠢᠯᠠᠪᠠᠯ ᠪᠠᠰᠠ ᠬᠡᠦᠬᠡᠳ  ᠤᠨ ᠪᠤᠶᠢᠵᠢᠯᠲᠠ ᠶᠢ ᠴᠤ ᠨᠥᠯᠥᠭᠡᠯᠡᠵᠦ ᠮᠡᠳᠡᠨ᠎ᠡ᠃                      ᠮᠢᠺᠤᠫᠯᠠᠰᠮᠠ ᠠᠭᠤᠰᠬᠢᠨ ᠤ ᠦᠷᠪᠢᠰᠦᠯ ᠳᠤ ᠬᠠᠯᠳᠠᠪᠤᠷᠢᠯᠠᠭᠳᠠᠭᠰᠠᠨ ᠬᠤᠭᠤᠴᠠᠭᠠᠨ ᠳᠤ ᠬᠡᠦᠬᠡᠳ ᠴᠤᠬᠤᠮ ᠶᠠᠭᠤ ᠢᠳᠡᠵᠤ ᠤᠤᠭᠤᠪᠠᠯ ᠵᠣᠬᠢᠬᠤ ᠪᠣᠢ︖      ᠬᠡᠷ ᠤᠨ ᠠᠬᠠᠮᠠᠳ ᠤᠨ ᠳᠤᠷᠠᠳᠤᠭᠰᠠᠨ  ᠵᠦᠢᠯ  ᠵᠦᠢᠯ ᠤᠨ ᠠᠰᠠᠭᠤᠯᠲᠠ ᠳᠤ ᠴᠢᠭᠯᠡᠭᠦᠯᠦᠨ᠂ ᠤᠯᠤᠰ ᠤᠨ ᠬᠡᠦᠬᠡᠳ ᠤᠨ ᠡᠷᠡᠭᠦᠯ ᠮᠡᠨᠳᠦ ᠪᠠ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ ᠵᠧᠵᠢᠶᠠᠩ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ  ᠤ ᠳᠡᠭᠡᠳᠦ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ  ᠰᠢᠮ᠎ᠡ  ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠮᠠ ᠮᠢᠩ ᠬᠡᠯᠡᠬᠦ ᠳᠡᠭᠡᠨ᠂ ᠮᠢᠺᠤᠫᠯᠠᠰᠮᠠ ᠠᠭᠤᠰᠬᠢᠨ ᠤ ᠦᠷᠪᠢᠰᠦᠯ ᠳᠤ ᠬᠠᠯᠳᠠᠪᠤᠷᠢᠯᠠᠭᠳᠠᠭᠰᠠᠨ ᠬᠡᠦᠬᠡᠳ ᠤᠨ ᠰᠢᠮ᠎ᠡ  ᠲᠡᠵᠢᠭᠡᠯ ᠢ ᠣᠮᠲᠣᠭᠠᠶᠢᠯᠠᠵᠤ ᠪᠣᠯᠬᠤ ᠥᠬᠡᠶ᠂ ᠲᠣᠬᠢᠷᠠᠮᠵᠢᠲᠠᠶ ᠢᠳᠡᠭᠡᠨ ᠤᠮᠳᠠᠭᠠᠨ ᠢ ᠰᠣᠩᠭᠤᠪᠠᠯ ᠡᠪᠡᠳᠴᠢᠨ  ᠡᠮᠭᠡᠭ ᠤᠨ ᠡᠷᠡᠭᠦᠯᠵᠢᠬᠦ ᠳᠤ ᠨᠠᠩ ᠲᠤᠰᠠᠲᠠᠢ ᠶᠤᠮ ᠭᠡᠵᠡᠶ᠃ ᠲᠤᠬᠠᠶᠢᠯᠠᠪᠠᠯ ᠨᠢᠭᠡ ᠳᠤ᠂ ᠤᠰᠤ ᠰᠠᠶᠢᠨ ᠤᠤᠭᠤᠯᠭᠠᠬᠤ ᠬᠡᠷᠡᠭᠲᠡᠢ᠃ ᠬᠤᠶᠠᠷ ᠲᠤ᠂  ‍ᠦ᠋ᠢᠴᠡᠳ‌‍ᠬᠡᠮᠵᠢᠶᠡᠨ ᠤ ᠤᠭᠤᠷᠠᠭ ᠨᠥᠬᠦᠪᠦᠷᠢᠯᠡᠬᠦ ᠬᠡᠷᠡᠭᠲᠡᠢ᠃ ᠠᠭᠤᠰᠬᠢᠨ ᠤ ᠦᠷᠪᠢᠰᠦᠯ ᠲᠠᠢ ᠬᠡᠦᠬᠡᠳ ᠲᠤ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠰᠢᠨᠵᠢ ᠳᠠᠭᠠᠯᠳᠤᠵᠤ᠂ ᠬᠦᠴᠦ ᠲᠠᠮᠢᠷ ᠶᠡᠭᠡ  ᠪᠠᠷ ᠪᠠᠷᠠᠭᠳᠠᠳᠠᠭ᠃ ᠵᠢᠱᠢᠶᠡᠯᠡᠪᠡᠯ ᠰᠦ ᠴᠠᠭᠠᠨ ᠢᠳᠡᠭᠡᠨ᠂ ᠬᠠᠷ᠎ᠠ ᠮᠢᠬ᠎ᠠ᠂ ᠲᠠᠬᠢᠶᠠᠨ ᠥᠨᠳᠡᠭᠡ᠂ ᠰᠢᠷ᠎ᠠ ᠪᠤᠷᠴᠠᠭ ᠵᠡᠷᠭᠡ ᠤᠭᠤᠷᠠᠭ ᠡᠯᠪᠡᠭ ᠠᠭᠤᠯᠳᠠᠭ ᠢᠳᠡᠭᠡᠨ ᠢ ᠴᠠᠭ ᠲᠤᠬᠠᠶ ᠳᠤᠨᠢ ᠨᠥᠬᠦᠪᠥᠷᠢᠯᠡᠬᠦ ᠴᠢᠬᠤᠯᠠᠲᠠᠶ᠃ ᠭᠤᠷᠪᠠ ᠳᠤ᠂ ᠥᠭᠡᠬᠦ ᠲᠣᠰᠣ ᠪᠠᠭ᠎ᠠ ᠬᠤᠭᠤᠯᠠ ᠢᠳᠡᠭᠦᠯᠬᠦ ᠬᠡᠷᠡᠭᠲᠡᠢ᠃ ᠰᠢᠩᠭᠡᠭᠡᠬᠦ ᠳᠤ ᠠᠮᠠᠷᠬᠠᠨ ᠬᠠᠷ᠎ᠠ ᠮᠢᠬ᠎ᠠ ᠲᠠᠢ ᠰᠢᠩᠭᠡᠨ ᠪᠤᠳᠠᠭ᠎ᠠ᠂ ᠭᠤᠯᠢᠷ᠂ ᠮᠠᠨᠲᠠᠤ ᠵᠡᠷᠭᠡ ᠢᠳᠡᠭᠡᠨ ᠤᠮᠳᠠᠭᠠᠨ ᠢ ᠰᠣᠩᠭᠤᠵᠤ ᠪᠣᠯᠤᠨ᠎ᠠ᠃ ᠳᠥᠷᠪᠡ ᠳᠤ᠂ ᠸᠢᠲ᠋ᠠᠮᠢᠨ ᠡᠯᠪᠡᠭ ᠠᠭᠤᠯᠤᠭᠰᠠᠨ ᠢᠳᠡᠭᠡᠨ ᠢ ᠢᠯᠡᠭᠦᠦ ᠢᠳᠡᠭᠦᠯᠬᠦ ᠬᠡᠷᠡᠭᠲᠡᠶ᠃ ᠵᠢᠱᠢᠶᠡᠯᠡᠪᠡᠯ ᠬᠤᠯᠤᠤᠪᠠᠩ᠂ ᠥᠷᠭᠡᠰᠦᠲᠦ ᠨᠣᠭᠤᠭ᠎ᠠ᠂ ᠲᠥᠪᠡᠳ ᠬᠠᠰᠢ ᠵᠡᠷᠭᠡ  ᠨᠢ ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠶᠢ ᠬᠠᠮᠠᠭᠠᠯᠠᠵᠤ᠂ ᠬᠠᠯᠳᠠᠪᠤᠷᠢᠯᠠᠯ ᠢ ᠰᠡᠷᠭᠡᠶᠢᠯᠡᠳᠡᠭ᠃ ᠲᠠᠪᠤ ᠳᠤ᠂ ᠪᠢᠴᠢᠯ ᠡᠯᠧᠮᠧᠨ᠋ᠲ  ᠤᠨ ᠰᠢᠮ᠎ᠡ ᠲᠡᠵᠢᠭᠡᠯ ᠤᠨ ᠡᠳ᠋ ᠢ  ᠵᠣᠬᠢᠰᠲᠠᠶ ᠨᠥᠬᠦᠪᠦᠷᠢᠯᠡᠬᠦ ᠬᠡᠷᠡᠭᠲᠡᠢ᠃ ᠠᠮᠢᠰᠬᠤᠯ ᠤᠨ ᠵᠠᠮ ᠤᠨ ᠬᠠᠯᠳᠠᠪᠤᠷᠢᠯᠠᠯ  ᠨᠢ ᠳᠠᠬᠢᠨ ᠳᠠᠪᠲᠠᠭᠠᠳ ᠪᠠᠶᠢᠪᠠᠯ ᠸᠢᠲ᠋ᠠᠮᠢᠨ A᠂ ᠸᠢᠲ᠋ᠠᠮᠢᠨ D ᠪᠠ ᠴᠠᠶᠢᠷ ᠵᠡᠷᠭᠡ ᠶᠢ ᠨᠥᠬᠦᠪᠥᠷᠢᠯᠡᠵᠦ᠂ ᠡᠪᠡᠳᠴᠢᠨ ᠲᠠᠢ ᠬᠡᠦᠬᠡᠳ  ᠤᠨ ᠦᠯᠦ ᠬᠠᠯᠳᠠᠭᠠᠬᠤ ᠴᠢᠳᠠᠪᠤᠷᠢ ᠶᠢ  ᠨᠢ ᠳᠡᠭᠡᠭᠰᠢᠯᠡᠭᠦᠯᠬᠦ  ᠬᠡᠷᠡᠭᠲᠡᠢ᠂  ᠪᠣᠳᠠᠲᠠᠶ ᠨᠥᠬᠦᠪᠥᠷᠢᠯᠡᠬᠦ ᠬᠡᠮᠵᠢᠶ᠎ᠡ ᠶᠢ ᠡᠮᠴᠢ ᠠᠴᠠ ᠠᠰᠠᠭᠤᠨ ᠯᠠᠪᠯᠠᠬᠤ ᠶᠢ ᠰᠠᠨᠠᠭᠤᠯᠵᠤ ᠪᠠᠶᠢᠨ᠎ᠠ᠃     
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ