ᠪᠠᠰᠠ ᠯᠡ ᠬᠢᠮᠳᠠᠷᠠᠴᠢᠬᠠᠯ᠎ᠠ︕ ᠭᠠᠭ᠋ᠠᠶ ᠶᠢᠨ ᠮᠢᠬᠠᠨ ᠤ ᠦᠨ᠎ᠡ 40% ᠭᠠᠷᠤᠢ  ᠬᠢᠮᠲᠠᠷᠠᠪᠠ︕ ᠲᠠᠬᠢᠭᠠᠳ ᠦᠨ᠎ᠡ ᠨᠢ ᠦᠰᠬᠦ ᠪᠤᠯ ᠦᠦ︖
ᠨᠡᠶᠢᠲᠡᠯᠡᠭᠰᠡᠨ ᠴᠠᠭ᠄
2023/11/20
    ᠣᠶᠢᠷ᠎ᠠ ᠳᠤ᠂ ᠡᠯ᠎ᠡ ᠭᠠᠵᠠᠷ ᠤᠨ ᠠᠭᠠᠷ ᠤᠨ ᠳᠤᠯᠠᠭᠠᠨ ᠪᠠᠭᠤᠷᠠᠬᠤ  ᠶᠢ ᠲᠠᠭᠠᠯᠳᠤᠨ᠂ ᠭᠠᠭ᠋ᠠᠶ ᠶᠢᠨ ᠵᠠᠬ᠎ᠠ ᠳᠡᠯᠭᠡᠭᠦᠷ ᠴᠦ‌ᠤᠯᠠᠮᠵᠢᠯᠠᠯᠲᠤ ᠬᠥᠭᠵᠢᠶᠡᠨᠲᠦ ᠤᠯᠠᠷᠢᠯ ᠳᠤ ᠤᠷᠤᠵᠤ ᠪᠠᠶᠢᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠵᠢᠨ‌ᠬᠤᠭᠤᠴᠠᠭᠠᠨ ᠳᠤ ᠪᠥᠬᠦ ᠤᠯᠤᠰ ᠤᠨ ᠣᠯᠠᠨ ᠭᠠᠵᠠᠷ ᠤᠨ ᠠᠭᠠᠷ ᠤᠨ ᠳᠤᠯᠠᠭᠠᠨ ᠦᠷᠭᠦᠯᠵᠢᠯᠡᠨ ᠪᠠᠭᠤᠷᠠᠭᠰᠠᠨ ᠤ ᠨᠥᠯᠥᠭᠡ ᠪᠠᠷ ᠭᠠᠭ᠋ᠠᠶ ᠶᠢᠨ ᠮᠢᠬ᠎ᠠ ᠶᠢᠨ ᠪᠣᠷᠣᠯᠠᠭᠤᠯᠭ᠎ᠠ  ᠵᠣᠬᠢᠬᠤ ᠬᠡᠮᠵᠢᠶ᠎ᠡ ᠪᠠᠷ ᠰᠠᠶᠢᠵᠢᠷᠠᠵᠠᠶ᠃ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠠᠬᠢ ᠬᠤᠳᠠᠯᠳᠤᠭᠠᠴᠢᠳ ᠤᠨ ᠲᠠᠨᠢᠯᠴᠠᠭᠤᠯᠤᠭᠰᠠᠨ ᠢᠶᠠᠷ᠂ ᠡᠪᠦᠯ ᠤᠨ ᠠᠭᠤᠷ ᠤᠷᠤᠭᠰᠠᠨ ᠤ ᠳᠠᠷᠠᠭᠠᠬᠢ ᠬᠤᠷᠢᠨ ᠡᠳᠦᠷ ᠲᠤ ᠳᠠᠪᠤᠰᠤᠯᠠᠭᠰᠠᠨ ᠮᠢᠬᠠᠨ ᠤ ᠤᠯᠠᠷᠢᠯ ᠳᠤ ᠵᠢᠩᠬᠢᠨᠢ ᠪ᠊ ᠤᠷᠤᠬᠤ ᠪᠦᠭᠡᠳ ᠭᠠᠭ᠋ᠠᠶ ᠶᠢᠨ ᠮᠢᠬᠠᠨ ᠤ  ᠬᠡᠷᠡᠭᠴᠡᠭᠡ  ᠤᠯᠠᠮ‌ᠨᠡᠮᠡᠭᠳᠡᠬᠦ ᠪᠣᠯᠤᠨ᠎ᠠ᠃          ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ 500 ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠢᠨᠠᠨ‌‍ᠪᠠᠶᠢᠴᠠᠭᠠᠯᠳᠠ ᠶᠢ ᠦᠨᠳᠦᠰᠦᠯᠡᠪᠡᠯ᠂ 11 ᠰᠠᠷ᠎ᠠ ᠶᠢᠨ ᠬᠤᠶᠠᠳᠤᠭᠠᠷ ᠭᠠᠷᠠᠭ ᠪᠣᠯᠲᠠᠯ᠎ᠠ᠂ ᠠᠮᠢᠳᠤ ᠭᠠᠭ᠋ᠠᠶ ᠶᠢᠨ ᠦᠨ᠎ᠡ ᠺᠢᠯᠣᠭ᠍ᠷᠠᠮ‌‍ᠪᠦ᠋ᠷᠢ ᠳᠡᠭᠡᠨ 15.18 ᠲᠥᠭᠦᠷᠢᠭ ᠪᠣᠯᠵᠣ᠂  ᠳᠡᠭᠡᠷ᠎ᠡ  ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ  ᠪᠠᠨ ᠺᠢᠯᠣᠭ᠍ᠷᠠᠮ ᠪᠦᠷᠢ ᠳᠡᠭᠡᠨ  0.73  ᠲᠥᠭᠦᠷᠢᠭ  ᠬᠢᠮᠳᠠᠷᠠᠵᠤ᠂  ᠬᠢᠮᠳᠠᠷᠠᠯᠳᠠ  ᠶᠢᠨ ᠬᠡᠮᠵᠢᠶ᠎ᠡ ᠨᠢ 4.5%  ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  ᠪᠠᠨ 42.1% ᠪᠠᠷ ᠬᠢᠮᠳᠠᠷᠠᠪᠠ᠃          ᠤᠯᠤᠰ ᠤᠨ ᠠᠮᠢᠳᠤ ᠭᠠᠭ᠋ᠠᠶ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠠᠵᠤ ᠦᠢᠯᠡᠰ ᠤᠨ ᠠᠵᠤ ᠠᠬᠤᠢ  ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ ᠸᠠᠩ ᠽᠤ᠋ ᠯᠢ᠄ ᠡᠨᠡ ᠵᠢᠯ ᠤᠨ ᠡᠬᠢ ᠪᠠᠷ ᠪᠥᠬᠦ ᠤᠯᠤᠰ ‍ᠤᠨ‌ᠦᠷᠡᠵᠢᠬᠦ ᠮᠡᠭᠡᠵᠢ ᠶᠢᠨ ᠲᠤᠭ᠎ᠠ ᠦᠨᠳᠦᠰᠦᠨ ᠳᠡᠭᠡᠨ ᠣᠶᠢᠷ᠎ᠠ ᠶᠢᠨ ᠬᠤᠶᠠᠷ ᠵᠢᠯ ᠤᠨ ᠥᠨᠳᠥᠷ ᠲᠦᠪᠰᠢᠨ ᠳᠤ ᠣᠷᠣᠰᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠨᠡᠯᠢᠶᠡᠳ ᠬᠦᠢᠴᠡᠳ ᠪᠠᠶᠢᠨ᠎ᠠ᠃ ᠡᠭᠦᠨ ᠤ ᠵᠡᠷᠭᠡᠪᠡᠷ᠂ ᠠᠭᠤᠷ ᠠᠮᠢᠰᠬᠤᠯ ᠬᠦᠢᠳᠡᠷᠡᠵᠦ᠂ ᠠᠮᠢᠰᠬᠤᠯ ᠤᠨ ᠵᠠᠮ᠂ ᠰᠠᠭᠤᠯᠭᠠᠬᠤ ᠵᠡᠷᠭᠡ ᠠᠮᠢᠲᠠᠨ ᠤ ᠬᠢᠵᠢᠭ ᠡᠪᠡᠳᠴᠢᠨ ᠣᠯᠠᠨ ᠡᠭᠦᠰᠬᠦ ᠬᠤᠭᠤᠴᠠᠭᠠᠨ ᠳᠤ ᠣᠷᠣᠪᠠ᠃ ᠬᠡᠰᠡᠭ ᠲᠡᠵᠢᠭᠡᠨ ᠦᠷᠡᠵᠢᠭᠦᠯᠬᠦ ᠲᠠᠯᠠᠪᠠᠶ  ᠶᠢᠨ  ᠬᠢᠨ ᠬᠢᠵᠢᠭ ᠡᠪᠡᠳᠴᠢᠨ ᠤ ᠲᠦᠭᠰᠢᠭᠦᠷᠢ  ᠠᠴᠠ ᠬᠢᠴᠢᠶᠡᠵᠦ᠂ ᠭᠠᠭ᠋ᠠᠢ  ᠶᠢᠨ ᠭᠠᠷᠭᠠᠯᠲᠠ ᠪᠠᠨ ᠲᠦᠷᠭᠡᠳᠬᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ  ᠵᠣᠬᠢᠬᠤ ᠬᠡᠮᠵᠢᠶ᠎ᠡ ᠪᠠᠷ ᠨᠡᠮᠡᠭᠳᠡᠭᠦᠯᠦᠭᠰᠡᠨ ᠠᠴᠠ ᠭᠠᠭ᠋ᠠᠶ ᠶᠢᠨ ᠦᠨ᠎ᠡ ᠨᠡᠯᠢᠶᠡᠳ ᠪᠠᠭᠤᠷᠠᠭᠰᠠᠨ ᠪᠠᠶᠢᠨ᠎ᠠ ᠭᠡᠪᠡ᠃          ᠠᠵᠢᠯ ᠲᠥᠷᠥᠯ ᠤᠨ ᠬᠢᠨ  ᠤ ᠬᠦᠮᠦᠰ ᠬᠡᠯᠡᠬᠦ ᠳᠡᠭᠡᠨ᠂ ᠪᠥᠬᠦ ᠤᠯᠤᠰ ᠲᠤ ᠶᠡᠭᠡ ᠬᠡᠪᠴᠢᠶ᠎ᠡ ᠪᠠᠷ ᠳᠤᠯᠠᠭᠠᠨ ᠤ ᠬᠡᠮᠵᠢᠶ᠎ᠡ‌‍ᠪᠠᠭᠤᠷᠠᠭᠰᠠᠨ ᠤ ᠳᠠᠷᠠᠭ᠎ᠠ ᠭᠠᠭ᠋ᠠᠶ ᠶᠢᠨ ᠮᠢᠬᠠᠨ ᠤ ᠬᠡᠷᠡᠭᠯᠡᠭᠡ ᠠᠯᠬᠤᠮ ᠠᠯᠬᠤᠮ ᠢᠶᠠᠷ ᠰᠠᠶᠢᠵᠢᠷᠠᠬᠤ ᠪᠣᠯᠤᠨ᠎ᠠ᠂ ᠡᠭᠦᠨ ᠤ ᠳᠡᠭᠡᠷ᠎ᠡ ᠡᠮᠦᠨᠡᠲᠦ ᠣᠷᠣᠨ ᠤᠳᠠᠯ ᠥᠬᠡᠶ ᠮᠢᠬ᠎ᠠ ᠳᠠᠪᠤᠰᠤᠯᠠᠬᠤ ᠤᠯᠠᠷᠢᠯ  ᠳᠤ ᠤᠷᠤᠬᠤ ᠪᠠ ᠰᠢᠨ᠎ᠡ ᠵᠢᠯ᠂ ᠴᠠᠭᠠᠨ ᠰᠠᠷ᠎ᠠ ᠶᠢᠨ ᠬᠤᠤᠰ ᠪᠠᠶᠠᠷ ᠬᠦᠷᠴᠦ ᠢᠷᠡᠬᠦ  ᠶᠢ ᠲᠠᠭᠠᠯᠳᠤᠨ᠂ ᠢᠷᠡᠭᠡᠳᠦᠶ ᠳᠤ ᠭᠠᠭ᠋ᠠᠶ ᠶᠢᠨ ᠦᠨ᠎ᠡ ᠲᠣᠭᠲᠠᠭᠤᠨ ᠪᠦᠭᠡᠳ ᠬᠦᠳᠡᠯᠭᠡᠬᠦ ᠬᠦᠴᠦᠨ ᠲᠠᠢ ᠪᠣᠯᠤᠨ᠎ᠠ᠂ ᠭᠡᠪᠡᠴᠦ ᠬᠠᠩᠭᠠᠯᠭ᠎ᠠ ᠬᠡᠷᠡᠭᠴᠡᠭᠡ ᠲᠡᠩᠴᠡᠭᠦᠷᠢ ᠥᠬᠡᠶ ᠪᠠᠶᠢᠬᠤ ᠶᠢᠨ ᠨᠥᠯᠥᠭᠡ ᠪᠠᠷ ᠳᠥᠷᠪᠡᠳᠦᠭᠡᠷ ᠤᠯᠠᠷᠢᠯ ᠳᠤ ᠭᠠᠭ᠋ᠠᠶ ᠶᠢᠨ ᠦᠨ᠎ᠡ ᠶᠡᠭᠡ ᠪᠠᠷ ᠥᠰᠬᠦ ᠰᠠᠭᠤᠷᠢ  ᠶᠢ ᠪᠦᠷᠢᠳᠦᠬᠦᠯᠦᠭᠡᠳᠦᠢ ᠪᠠᠶᠢᠨ᠎ᠠ ᠭᠡᠵᠡᠶ᠃   
ᠢᠷᠡᠯᠲᠡ᠄ ᠠᠷᠠᠳ ᠤᠨ ᠰᠦᠯᠵᠢᠶ᠎ᠡ