ᠦᠷ᠎ᠡ ᠨᠢ ᠡᠪᠦᠯ ᠤᠨ ᠤᠯᠠᠷᠢᠯ ᠳᠤ ᠬᠠᠳᠠᠭᠠᠯᠠᠬᠤ ᠶᠠᠪᠤᠴᠠ ᠳᠤ ᠲᠦᠢᠯ ᠤᠨ ᠴᠢᠬᠤᠯᠠ ᠪᠠᠶᠢᠳᠠᠭ᠂ ᠬᠡᠷᠪᠡ ᠦᠷ᠎ᠡ ᠶᠢᠨ ᠲᠤᠰ ᠪᠡᠶ᠎ᠡ ᠶᠢᠨ ᠬᠢᠨᠢ ᠤᠰᠤᠨ ᠤ | ᠠᠭᠤᠯᠤᠭᠳᠠᠴᠠ ᠥᠨᠳᠥᠷ᠂ ᠡᠪᠦᠯ ᠤᠨ ᠤᠯᠠᠷᠢᠯ ᠤᠨ ᠨᠡᠯᠢᠶᠡᠳ ᠳᠣᠣᠷ᠎ᠠ ᠳᠤᠯᠠᠭᠠᠨ ᠤ ᠬᠡᠮᠵᠢᠶᠡᠨ ᠳᠤ ᠠᠮᠠᠷᠬᠠᠨ ᠬᠥᠯᠳᠡᠵᠦ ᠰᠢᠷᠬᠠᠲᠤᠬᠤ ᠪᠤᠶᠤ ᠴᠢᠨᠠᠭᠰᠢᠯᠠᠪᠠᠯ | ᠰᠣᠶᠣᠭᠠᠯᠠᠬᠤ ᠴᠢᠳᠠᠪᠤᠷᠢ ᠪᠠᠨ ᠠᠯᠳᠠᠵᠤ᠂ ᠲᠠᠷᠠᠭ᠎ᠠ ᠵᠢᠯ ᠤᠨ ᠬᠢᠨᠢ ᠴᠢᠬᠢᠯᠡᠬᠦ ᠶᠢ ᠨᠥᠯᠥᠭᠡᠯᠡᠨ᠎ᠡ᠃ ᠡᠪᠦᠯ ᠤᠨ ᠤᠯᠠᠷᠢᠯ ᠳᠤ ᠦᠷ᠎ᠡ ᠬᠠᠳᠠᠭᠠᠯᠠᠬᠤ ᠳᠠᠭᠠᠨ ᠠᠷᠭ᠎ᠠ ᠶᠢ | ᠡᠷᠬᠢᠮᠯᠡᠵᠦ᠂ ᠡᠷᠬᠡᠪᠰᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠯᠡᠵᠦ᠂ ᠦᠷ᠎ᠡ ᠶᠢᠨ ᠠᠶᠤᠯᠭᠦᠢ | ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠨᠢᠭᠡ᠂ ᠡᠷᠳᠡᠨᠢ ᠰᠢᠰᠢ ᠶᠢᠨ ᠦᠷ᠎ᠡ ᠶᠢᠨ ᠭᠤᠷᠪᠠᠨ ᠪᠣᠭᠤᠮᠲᠠ ᠶᠢ ᠰᠠᠶᠢᠲᠤᠷ ᠠᠳᠬᠤᠵᠤ᠂ ᠠᠶᠤᠯᠭᠦᠢ ᠡᠪᠦᠯᠵᠢᠬᠦ ᠬᠡᠷᠡᠭᠲᠡᠢ | 1. ᠦᠷ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠠᠳᠠᠭᠠᠯᠠᠬᠤ ᠳᠠᠭᠠᠨ ᠦᠷ᠎ᠡ ᠶᠢᠨ ᠴᠡᠪᠡᠷ ᠬᠡᠮᠵᠢᠶ᠎ᠡ ᠪᠠ ᠠᠷᠢᠭᠤᠨ ᠬᠡᠮᠵᠢᠶ᠎ᠡ ᠶᠢ ᠪᠠᠲᠤᠯᠠᠬᠤ ᠶᠢ | ᠠᠩᠬᠠᠷᠴᠤ᠂ ᠳᠤᠯᠠᠭᠠᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠬᠡᠷᠪᠡ ᠦᠷ᠎ᠡ ᠶᠢᠨ ᠤᠰᠦᠠ ᠤ ᠠᠭᠤᠯᠤᠭᠳᠠᠴᠠ ᠨᠢ ᠠᠶᠤᠯ ᠤᠶᠢᠭᠡᠢ ᠤᠰᠦᠠ ᠤ | ᠱᠠᠭᠠᠷᠳᠠᠯᠭ᠎ᠠ ᠳᠤ ᠬᠦᠷᠴᠦ᠂ ᠦᠷ᠎ᠡ ᠶᠢᠨ ᠪᠣᠯᠪᠠᠰᠤᠷᠠᠯᠲᠠ ᠶᠢᠨ ᠬᠡᠮᠵᠢᠶ᠎ᠡ ᠨᠢ ᠪᠠᠰᠠ ᠰᠠᠶᠢᠨ ᠪᠠᠶᠢᠪᠠᠯ᠂ ᠬᠠᠮᠤᠭ ᠳᠣᠣᠷ᠎ᠠ ᠳᠤᠯᠠᠭᠠᠨ ᠤ ᠬᠡᠮᠵᠢᠶ᠎ᠡ ᠶᠢ ᠤᠷᠳᠦ | ᠬᠤᠭᠤᠴᠠᠭ᠎ᠠ ᠪᠠᠷ ᠲᠡᠰᠪᠦᠷᠢᠯᠡᠵᠦ ᠲᠠᠶᠢᠯᠤᠨ᠎ᠠ᠂ ᠡᠶᠢᠮᠦᠷᠬᠦᠦ ᠦᠷ᠎ᠡ ᠶᠢ ᠬᠠᠭᠤᠷᠠᠢ ᠬᠦᠢᠲᠡᠨ ᠬᠥᠮᠥᠷᠭᠡ ᠳᠤ ᠤᠷᠳᠦ ᠬᠤᠭᠤᠴᠠᠭ᠎ᠠ ᠪᠠᠷ ᠬᠠᠳᠠᠭᠠᠯᠠᠵᠤ ᠪᠣᠯᠬᠤ ᠪᠠᠷ | ᠪᠠᠷᠠᠬᠤ ᠦᠭᠡᠢ ᠰᠣᠶᠣᠭᠠᠯᠠᠬᠤ ᠴᠢᠳᠠᠪᠤᠷᠢ ᠶᠢ ᠨᠢ ᠨᠥᠯᠥᠭᠡᠯᠡᠬᠦ ᠦᠭᠡᠢ ᠶᠤᠮ᠃ ᠬᠡᠷᠪᠡ ᠡᠷᠳᠡᠨᠢ ᠰᠢᠰᠢ ᠶᠢᠨ ᠦᠷ᠎ᠡ ᠶᠢᠨ ᠤᠰᠤᠨ ᠤ ᠠᠭᠤᠯᠤᠭᠳᠠᠴᠠ ᠨᠢ | 14% ᠠᠴᠠ ᠳᠡᠭᠡᠭᠰᠢ ᠪᠠᠶᠢᠪᠠᠯ᠂ ᠪᠦᠲᠦᠮᠵᠢᠲᠡᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠂ ᠡᠶᠢᠮᠦᠷᠬᠦᠦ ᠦᠷ᠎ᠡ ᠶᠢ ᠳᠤᠯᠠᠭᠠᠨ ᠤ ᠬᠡᠮᠵᠢᠶ᠎ᠡ ᠨᠢ | 0℃ ᠠᠴᠠ ᠳᠡᠭᠡᠭᠰᠢ ᠪᠠᠶᠢᠬᠤ ᠣᠷᠴᠢᠨ ᠳᠤ ᠬᠠᠳᠠᠭᠠᠯᠠᠵᠤ᠂ ᠢᠷᠡᠬᠦ ᠵᠢᠯ ᠲᠠᠷᠢᠬᠤ ᠪᠣᠯᠲᠠᠯ᠎ᠠ ᠳᠤᠯᠠᠭᠠᠨ ᠤ ᠬᠡᠮᠵᠢᠶ᠎ᠡ ᠶᠢ ᠨᠢ ᠴᠥᠮ 0℃ ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ | 2. ᠰᠠᠯᠬᠢ ᠰᠠᠶᠢᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠭᠡᠷ ᠳᠣᠲᠣᠷᠠᠬᠢ ᠦᠷ᠎ᠡ ᠳᠤ ᠬᠠᠭᠤᠷᠠᠢ ᠰᠠᠯᠬᠢ ᠰᠠᠶᠢᠨ ᠨᠡᠪᠲᠡᠷᠡᠭᠦᠯᠬᠦ ᠶᠢ ᠪᠠᠷᠢᠮᠳᠠᠯᠠᠵᠤ᠂ | ᠦᠷ᠎ᠡ ᠨᠢ ᠬᠠᠭᠤᠷᠠᠢ ᠪᠠᠶᠢᠳᠠᠯ ᠳᠤ ᠪᠠᠶᠢᠯ᠎ᠠ ᠴᠤ ᠭᠡᠰᠡᠨ ᠬᠥᠮᠥᠨ ᠤ ᠬᠦᠴᠦ ᠪᠠᠷ ᠦᠷᠭᠦᠯᠵᠢ ᠰᠠᠯᠬᠢ ᠨᠡᠪᠲᠡᠷᠡᠭᠦᠯᠬᠦ ᠬᠡᠷᠡᠭᠲᠡᠢ᠃ ᠭᠡᠷ ᠤᠨ ᠭᠠᠳᠠᠨᠠᠬᠢ ᠦᠷ᠎ᠡ ᠶᠢ | ᠪᠦᠲᠡᠭᠡᠯᠭᠡ ᠪᠠᠷ ᠣᠷᠣᠢ ᠶᠢᠨ ᠬᠡᠰᠡᠭ ᠢ ᠨᠢ ᠴᠢᠩᠭ᠎ᠠ ᠪᠦᠲᠡᠭᠡᠵᠦ᠂ ᠰᠦᠯᠢᠶᠥᠦ ᠤᠭᠤᠲᠠᠨ ᠳᠤ ᠦᠷ᠎ᠡ ᠰᠠᠪᠠᠯᠠᠬᠤ ᠶᠢ ᠴᠢᠩᠭ᠎ᠠ ᠴᠡᠭᠡᠷᠯᠡᠨ᠎ᠡ᠂ ᠤᠴᠢᠷ ᠨᠢ ᠰᠦᠯᠢᠶᠥᠦ | ᠤᠭᠤᠲᠠᠨ ᠳᠤ ᠠᠭᠠᠷ ᠨᠡᠪᠲᠡᠷᠡᠬᠦ ᠦᠭᠡᠢ ᠪᠣᠯᠬᠤᠷ ᠦᠷ᠎ᠡ ᠶᠢ ᠠᠭᠠᠷ ᠠᠴᠠ ᠲᠤᠰᠠᠭᠠᠷᠯᠠᠨ᠂ ᠦᠷ᠎ᠡ ᠨᠢ ᠠᠮᠢᠰᠬᠤᠵᠤ ᠳᠡᠶᠢᠯᠬᠦ ᠦᠭᠡᠢ ᠠᠴᠠ ᠪᠣᠯᠵᠤ ᠸᠠᠯᠠᠵᠤ | ᠬᠤᠪᠢᠷᠠᠨ᠎ᠠ᠃ | 3. ᠬᠢᠮᠢ ᠶᠢᠨ ᠪᠣᠷᠳᠣᠭᠤᠷ ᠲᠠᠢ ᠬᠤᠳᠬᠤᠵᠤ ᠲᠠᠯᠪᠢᠵᠦ ᠪᠣᠯᠬᠤ ᠦᠭᠡᠢ᠃ ᠦᠷ᠎ᠡ ᠪᠣᠯᠣᠨ ᠬᠢᠮᠢ ᠶᠢᠨ ᠪᠣᠷᠳᠣᠭᠤᠷ ᠢ ᠤᠷᠳᠤ ᠬᠤᠭᠤᠴᠠᠭ᠎ᠠ ᠪᠠᠷ ᠬᠠᠮᠲᠤ | ᠲᠠᠯᠪᠢᠪᠠᠯ᠂ ᠦᠷ᠎ᠡ ᠶᠢᠨ ᠨᠠᠬᠢᠶᠠᠯᠠᠬᠤ ᠨᠤᠷᠮ᠎ᠠ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠡᠷᠳᠡᠨᠢ ᠰᠢᠰᠢ ᠶᠢᠨ ᠦᠷ᠎ᠡ ᠶᠢᠨ ᠹᠢᠽᠢᠣᠯᠣᠭᠢ ᠶᠢᠨ ᠬᠤᠪᠢᠷᠠᠯᠲᠠ ᠶᠢ | ᠡᠭᠦᠰᠭᠡᠵᠦ᠂ ᠲᠠᠷᠠᠭ᠎ᠠ ᠵᠢᠯ ᠳᠤ ᠲᠠᠷᠢᠵᠦ ᠭᠠᠷᠭᠠᠭᠰᠠᠨ ᠡᠷᠯᠢᠰᠡᠵᠢᠭᠦᠯᠦᠭᠰᠡᠨ ᠦᠷ᠎ᠡ ᠳᠤ ᠪᠠᠰᠠ ᠬᠡᠪ ᠤᠨ ᠪᠤᠰᠤ ᠦᠵᠡᠭᠳᠡᠯ ᠭᠠᠷᠴᠤ ᠮᠡᠳᠡᠨ᠎ᠠ᠃ ᠠᠽᠣᠲ ᠬᠢᠮᠢ ᠶᠢᠨ | ᠪᠣᠷᠳᠣᠭᠤᠷ ᠪᠣᠯ ᠠᠮᠮᠤᠨᠢ ᠶᠢᠨ ᠲᠥᠯᠥᠪᠲᠦ ᠠᠽᠣᠲ ᠲᠤ ᠬᠠᠷᠢᠶᠠᠯᠠᠭᠳᠠᠨ᠎ᠠ᠂ ᠳᠡᠭᠳᠡᠮᠡᠬᠡᠢ ᠴᠢᠨᠠᠷ ᠲᠠᠢ᠂ ᠳᠡᠭᠳᠡᠨ ᠭᠠᠷᠭᠠᠭᠰᠠᠨ ᠰᠢᠪᠲᠦᠷ ᠤᠨ ᠬᠡᠢ ᠨᠢ ᠮᠠᠰᠢ ᠴᠢᠩᠭ᠎ᠠ | ᠢᠳᠡᠭᠳᠡᠭᠦᠯᠬᠦ ᠦᠢᠯᠡᠳᠦᠯ ᠲᠠᠢ᠃ ᠰᠢᠪᠲᠦᠷ ᠤᠨ ᠥᠳᠬᠡᠴᠡ ᠨᠡᠯᠢᠶᠡᠳ ᠥᠨᠳᠥᠷ ᠦᠶ᠎ᠡ ᠳᠤ᠂ ᠦᠷ᠎ᠡ ᠶᠢᠨ ᠬᠦᠪᠦᠷᠡᠯ ᠢ ᠠᠯᠠᠵᠤ᠂ ᠦᠷ᠎ᠡ ᠶᠢᠨ ᠠᠮᠢᠵᠢᠷᠠᠯ ᠤᠨ | ᠬᠦᠴᠦᠨ ᠢ ᠠᠯᠳᠠᠭᠤᠯᠳᠠᠭ᠃ | ᠬᠤᠶᠠᠷ᠂ ᠢᠳᠡᠰᠢᠨ ᠨᠣᠭᠤᠭ᠎ᠠ ᠶᠢᠨ ᠦᠷ᠎ᠡ ᠶᠢᠨ ᠰᠠᠶᠢᠨ ᠦᠷ᠎ᠡ ᠶᠢ ᠰᠣᠩᠭᠤᠵᠤ᠂ ᠬᠠᠲᠠᠭᠠᠵᠤ ᠬᠠᠳᠠᠭᠠᠯᠠᠬᠤ ᠬᠡᠷᠡᠭᠲᠡᠢ | 1. ᠨᠠᠷᠢᠯᠢᠭ ᠰᠣᠩᠭᠤᠬᠤ ᠬᠡᠷᠡᠭᠲᠡᠢ᠃ ᠲᠣᠬᠢᠷᠠᠮᠵᠢᠲᠠᠢ ᠬᠡᠯᠪᠡᠷᠢ ᠮᠠᠶ᠋ᠢᠭ ᠤᠨ ᠲᠣᠭᠤᠷᠢᠭ ᠨᠦᠬᠡ ᠪᠤᠶᠤ ᠤᠷᠲᠤ ᠨᠦᠬᠡ ᠲᠠᠢ ᠡᠯᠬᠡᠭ ᠢ ᠰᠣᠩᠭᠤᠨ ᠡᠰᠢ | ᠰᠦᠷᠡᠯ᠂ ᠰᠢᠪᠠᠷ ᠰᠢᠷᠣᠢ᠂ ᠬᠠᠮᠰᠢᠭᠠᠷ ᠮᠥᠬᠦᠯᠢᠭ ᠪᠠ ᠬᠤᠯᠢᠴᠠ ᠶᠢ ᠴᠡᠪᠡᠷᠯᠡᠨ ᠠᠷᠢᠯᠭᠠᠨ᠎ᠠ︔ ᠳᠡᠪᠢᠭᠦᠷ ᠢᠶᠠᠷ ᠵᠢᠮᠢᠰ ᠤᠨ ᠬᠠᠯᠢᠰᠤ᠂ ᠨᠠᠪᠴᠢ ᠵᠢᠴᠢ ᠬᠥᠩᠭᠡᠨ | ᠬᠠᠮᠰᠢᠭᠠᠷ ᠦᠷ᠎ᠡ ᠶᠢ ᠴᠡᠪᠡᠷᠯᠡᠨ᠎ᠡ᠃ | 2. ᠨᠡᠷᠡᠨ ᠳᠤ ᠡᠭᠡᠭᠡᠬᠦ ᠬᠡᠷᠡᠭᠲᠡᠢ᠃ ᠦᠷ᠎ᠡ ᠶᠢᠨ ᠤᠰᠤᠨ ᠤ ᠠᠭᠤᠯᠤᠭᠳᠠᠴᠠ ᠶᠢᠨ ᠶᠡᠭᠡ ᠪᠠᠭ᠎ᠠ ᠨᠢ ᠦᠷ᠎ᠡ ᠶᠢ ᠬᠠᠳᠠᠭᠠᠯᠠᠵᠤ ᠪᠣᠯᠬᠤ ᠡᠰᠡᠬᠦ᠂ ᠬᠡᠷᠡᠭᠯᠡᠬᠦ | ᠬᠤᠭᠤᠴᠠᠭ᠎ᠠ ᠶᠢ ᠤᠷᠲᠤᠳᠬᠠᠬᠤ ᠴᠢᠬᠤᠯᠠ ᠡᠯᠧᠮᠧᠨ᠋ᠲ ᠪᠣᠯᠣᠨ᠎ᠠ᠃ ᠰᠠᠶ᠋ᠢᠬᠠᠨ ᠬᠤᠷᠢᠶᠠᠭᠰᠠᠨ ᠦᠷ᠎ᠡ ᠪᠠᠨ ᠰᠠᠯᠬᠢ ᠦᠭᠡᠢ ᠲᠤᠩᠭᠠᠯᠠᠭ ᠡᠳᠦᠷ ᠨᠡᠷᠡᠨ ᠳᠤ ᠡᠭᠡᠭᠡᠵᠦ᠂ | ᠤᠰᠤᠨ ᠤ ᠠᠭᠤᠯᠤᠭᠳᠠᠴᠠ ᠶᠢ ᠠᠶᠤᠯᠭᠦᠢ ᠬᠡᠪᠴᠢᠶᠡᠨ ᠠᠴᠠ ᠳᠣᠣᠷ᠎ᠠ ᠪᠠᠶᠢᠯᠭᠠᠬᠤ ᠬᠡᠷᠡᠭᠲᠡᠢ᠃ ᠦᠷ᠎ᠡ ᠶᠢ ᠨᠡᠷᠡᠨ ᠳᠤ ᠡᠭᠡᠭᠡᠬᠦ ᠳᠤ ᠠᠶᠠᠨᠳᠠᠭᠠᠨ ᠬᠠᠳᠠᠭᠠᠬᠤ | ᠠᠷᠭ᠎ᠠ ᠶᠢ ᠬᠡᠷᠡᠭᠯᠡᠵᠦ᠂ ᠲᠡᠭᠦᠭᠰᠡᠨ ᠤ ᠳᠠᠷᠠᠭᠠᠬᠢ ᠦᠷ᠎ᠡ ᠶᠢ ᠣᠷᠬᠢᠭᠤᠯ ᠪᠤᠶᠤ ᠰᠢᠷᠡᠭᠡᠨ ᠳᠡᠭᠡᠷ᠎ᠡ ᠳᠡᠯᠭᠡᠵᠦ ᠬᠠᠲᠠᠭᠠᠨ᠂ ᠨᠢᠭᠡ ᠬᠤᠭᠤᠴᠠᠭ᠎ᠠ ᠠᠯᠤᠰᠯᠠᠬᠤ ᠪᠦᠷᠢ | ᠨᠢᠭᠡ ᠤᠳᠠᠭ᠎ᠠ ᠤᠷᠪᠠᠭᠤᠯᠵᠤ᠂ ᠢᠩᠭᠢᠪᠡᠯ ᠤᠰᠤᠨ ᠤ ᠠᠭᠤᠷᠰᠢᠯᠲᠠ ᠶᠢ ᠲᠦᠷᠭᠡᠳᠬᠡᠵᠦ᠂ ᠤᠰᠤ ᠶᠢ ᠠᠶᠤᠯ ᠦᠭᠡᠢ ᠬᠠᠳᠠᠭᠠᠯᠠᠬᠤ ᠳᠤ ᠬᠦᠷᠭᠡᠪᠡᠯ ᠪᠣᠯᠴᠢᠬᠠᠨ᠎ᠠ᠃ | 3. ᠬᠠᠳᠠᠭᠠᠯᠠᠬᠤ ᠬᠡᠷᠡᠭᠲᠡᠢ᠃ ᠬᠤᠩᠭᠤᠷᠴᠤᠭ ᠲᠠᠢ ᠪᠤᠶᠤ ᠪᠦᠬᠦᠯᠢ ᠰᠠᠯᠠᠭ᠎ᠠ ᠨᠠᠮᠠᠭ᠎ᠠ ᠪᠠᠷ ᠨᠢ ᠬᠠᠳᠠᠭᠠᠯᠠᠬᠤ᠄ ᠬᠤᠷᠢᠶᠠᠵᠤ ᠠᠪᠤᠭᠰᠠᠨ ᠢᠳᠡᠰᠢᠨ | ᠨᠣᠭᠤᠭ᠎ᠠ ᠶᠢᠨ ᠦᠷ᠎ᠡ ᠪᠠᠨ ᠪᠣᠭᠤᠭᠠᠳ ᠰᠡᠷᠢᠭᠦᠨ ᠵᠢᠪᠠᠷ ᠨᠡᠪᠲᠡᠷᠡᠬᠦ ᠭᠠᠵᠠᠷ ᠲᠤ ᠡᠯᠭᠦᠵᠦ᠂ ᠬᠡᠷᠡᠭᠯᠡᠬᠦ ᠦᠶ᠎ᠡ ᠳᠡᠭᠡᠨ ᠲᠡᠭᠦᠵᠦ ᠮᠥᠯᠢᠳᠡᠭ᠃ ᠤᠭᠤᠲᠠᠨ ᠳᠤ ᠬᠢᠵᠦ | ᠬᠠᠳᠠᠭᠠᠯᠠᠬᠤ ᠠᠷᠭ᠎ᠠ᠄ ᠬᠤᠷᠢᠶᠠᠵᠤ ᠠᠪᠤᠭᠰᠠᠨ ᠢᠳᠡᠰᠢᠨ ᠨᠣᠭᠤᠭ᠎ᠠ ᠶᠢᠨ ᠦᠷ᠎ᠡ ᠶᠢ ᠦᠬᠡᠷ ᠤᠨ ᠠᠷᠠᠰᠤᠨ ᠴᠠᠭᠠᠰᠤᠨ ᠤᠭᠤᠲᠠ ᠪᠤᠶᠤ ᠪᠥᠰ ᠤᠭᠤᠲᠠᠨ ᠳᠤ ᠬᠢᠵᠦ | ᠂ ᠬᠠᠭᠤᠷᠠᠢ ᠰᠠᠯᠬᠢ ᠨᠡᠪᠲᠡᠷᠡᠬᠦ ᠭᠠᠵᠠᠷ ᠲᠤ ᠲᠠᠯᠪᠢᠵᠤ᠂ ᠬᠡᠷᠡᠭᠯᠡᠬᠦ ᠦᠶ᠎ᠡ ᠳᠡᠭᠡᠨ ᠠᠪᠴᠤ ᠭᠠᠷᠭᠠᠨ᠎ᠠ᠃ ᠥᠨᠳᠥᠷ ᠲᠤ ᠳᠡᠭᠦᠵᠢᠯᠡᠨ ᠬᠠᠳᠠᠭᠠᠯᠠᠬᠤ ᠠᠷᠭ᠎ᠠ᠄ | ᠤᠷᠢᠳᠠᠪᠠᠷ ᠦᠷ᠎ᠡ ᠶᠢ ᠪᠦᠷᠢᠨ ᠬᠠᠳᠠᠭᠠᠭᠠᠳ ᠲᠠᠷᠠᠭ᠎ᠠ ᠨᠢ ᠱᠠ ᠪᠥᠰ ᠢᠶᠠᠷ ᠵᠢᠵᠢᠭ ᠪᠥᠰ ᠤᠨ ᠤᠭᠤᠲᠠ ᠣᠶᠣᠵᠤ ᠰᠠᠪᠠᠯᠠᠭᠠᠳ ᠰᠠᠯᠬᠢ ᠵᠢᠪᠠᠷ ᠨᠡᠪᠲᠡᠷᠡᠬᠦ᠂ | ᠰᠡᠷᠢᠭᠦᠨ ᠭᠡᠷ ᠤᠨ ᠰᠠᠷᠠᠪᠴᠢᠨ ᠳᠣᠣᠷ᠎ᠠ ᠳᠡᠭᠦᠵᠢᠯᠡᠵᠦ ᠦᠷ᠎ᠡ ᠶᠢ ᠠᠮᠠᠷᠬᠠᠨ ᠴᠢᠭᠢᠭᠲᠦᠭᠦᠯᠬᠦ ᠦᠭᠡᠢ ᠪᠥᠭᠡᠳ ᠴᠢᠨᠠᠷ ᠨᠢ ᠬᠤᠪᠢᠷᠠᠬᠤ ᠦᠭᠡᠢ ᠪᠠᠶᠢᠳᠠᠭ᠃ ᠳᠣᠣᠷ᠎ᠠ | ᠳᠤᠯᠠᠭᠠᠨ᠂ ᠬᠠᠭᠤᠷᠠᠢ᠂ ᠠᠭᠠᠷ ᠦᠭᠡᠢ ᠨᠥᠬᠦᠴᠡᠯ ᠳᠣᠣᠷ᠎ᠠ ᠬᠠᠳᠠᠭᠠᠯᠠᠬᠤ᠄ ᠢᠯᠵᠢᠷᠡᠬᠦ ᠶᠢ ᠰᠡᠷᠭᠡᠶᠢᠯᠡᠬᠦ ᠰᠢᠷ ᠲᠠᠢ ᠰᠦᠯᠢᠶᠥᠦ ᠴᠠᠭᠠᠰᠤᠨ ᠤᠭᠤᠲᠠᠨ ᠳᠤ ᠪᠤᠶᠤ | ᠪᠢᠲᠡᠭᠦᠮᠵᠢᠲᠦ ᠴᠢᠨᠠᠷ ᠢᠶᠠᠷ ᠨᠡᠯᠢᠶᠡᠳ ᠰᠠᠶᠢᠨ ᠸᠠᠭᠠᠷ ᠪᠣᠳᠣᠩ ᠳᠤ ᠬᠢᠵᠦ᠂ ᠳᠣᠲᠣᠷ᠎ᠠ ᠨᠢ ᠪᠠᠭ᠎ᠠ ᠬᠡᠮᠵᠢᠶᠡᠨ ᠤ ᠲᠦᠭᠦᠬᠡᠢ ᠴᠣᠬᠤᠢ ᠳᠡᠪᠢᠰᠪᠡᠯ ᠴᠢᠭᠢᠭ ᠤᠨ | ᠬᠡᠮᠵᠢᠶ᠎ᠡ ᠶᠢ ᠪᠠᠭᠤᠷᠠᠭᠤᠯᠬᠤ ᠮᠥᠷᠲᠡᠭᠡᠨ ᠪᠠᠰᠠ ᠦᠷ᠎ᠡ ᠳᠤ ᠬᠦᠴᠢᠯᠲᠥ᠋ᠷᠥᠭᠴᠢ ᠬᠡᠢ ᠬᠠᠩᠭᠠᠳᠠᠭ᠃ | ᠭᠤᠷᠪᠠ᠂ ᠬᠠᠳᠠᠭᠠᠯᠠᠬᠤ ᠠᠴᠠ ᠡᠮᠦᠨ᠎ᠡ ᠬᠥᠯᠳᠡᠭᠡᠵᠦ᠂ ᠬᠤᠷᠣᠬᠠᠶᠢᠲᠤᠬᠤ ᠠᠴᠠ ᠰᠡᠷᠭᠡᠶᠢᠯᠡᠬᠦ ᠬᠡᠷᠡᠭᠲᠡᠢ | ᠠᠮᠤ ᠪᠤᠳᠠᠭᠠᠨ ᠤ ᠬᠤᠣᠷᠲᠤ ᠬᠤᠷᠣᠬᠠᠢ ᠶᠡᠷᠦ ᠳᠡᠭᠡᠨ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ 4℃-8℃ ᠦᠶ᠎ᠡ ᠳᠤ ᠬᠥᠳᠡᠯᠭᠡᠭᠡᠨ ᠬᠢᠬᠦ ᠪᠠᠨ | ᠵᠣᠭᠰᠣᠵᠤ᠂ 1℃-4℃ ᠦᠶ᠎ᠡ ᠳᠤ ᠬᠦᠢᠲᠡᠨ ᠮᠢᠨᠴᠦᠭᠦᠷᠡᠯ ︵ᠢᠴᠡᠭᠡᠯᠡᠬᠦ︶ ᠪᠠᠶᠢᠳᠠᠯ ᠳᠤ ᠣᠷᠣᠵᠤ᠂ -4℃ ᠠᠴᠠ ᠳᠣᠣᠷ᠎ᠠ ᠪᠣᠯᠪᠠᠯ ᠦᠬᠦᠵᠦ ᠮᠡᠳᠡᠨ᠎ᠡ᠃ | ᠬᠠᠬᠢᠷ ᠬᠦᠢᠲᠡᠨ ᠭᠠᠩ ᠬᠠᠭᠤᠷᠠᠢ ᠲᠤᠩᠭᠠᠯᠠᠭ ᠡᠳᠦᠷ ᠢ ᠰᠣᠩᠭᠤᠵᠤ᠂ ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ ᠠᠮᠤ ᠪᠤᠳᠠᠭ᠎ᠠ ᠪᠠᠨ ᠲᠠᠯᠠᠪᠠᠶ ᠳᠤ ᠳᠡᠯᠭᠡᠵᠦ | 12 ᠴᠠᠭ ᠠᠯᠤᠰᠯᠠᠬᠤ ᠪᠦᠷᠢ ᠨᠢᠭᠡ ᠤᠳᠠᠭ᠎ᠠ ᠤᠷᠪᠠᠭᠤᠯᠬᠤ ᠬᠡᠷᠡᠭᠲᠡᠢ᠃ ᠰᠥᠨᠢ ᠬᠢᠷᠠᠭᠤ ᠤᠨᠠᠬᠤ ᠠᠴᠠ ᠡᠮᠦᠨ᠎ᠡ ᠠᠮᠤ ᠪᠤᠳᠠᠭ᠎ᠠ ᠪᠠᠨ ᠣᠪᠣᠭᠠᠯᠠᠨ ᠪᠦᠲᠡᠭᠡᠵᠦ᠂ | ᠲᠠᠬᠢᠨ ᠴᠢᠭᠢᠭᠲᠦᠬᠦ ᠠᠴᠠ ᠰᠡᠷᠭᠡᠶᠢᠯᠡᠬᠦ ᠬᠡᠷᠡᠭᠲᠡᠢ᠃ ᠳᠠᠷᠠᠭ᠎ᠠ ᠡᠳᠦᠷ ᠨᠢ ᠨᠠᠷᠠ ᠭᠠᠷᠬᠤ ᠠᠴᠠ ᠡᠮᠦᠨ᠎ᠡ ᠬᠦᠢᠲᠡᠨ ᠢ ᠳᠠᠯᠢᠮᠳᠠᠭᠤᠯᠤᠨ ᠬᠦᠮᠦᠷᠭᠡᠯᠡᠵᠦ᠂ ᠳᠠᠷᠠᠭ᠎ᠠ ᠨᠢ | ᠠᠮᠤ ᠪᠤᠳᠠᠭᠠᠨ ᠤ ᠬᠥᠮᠥᠷᠭᠡ ᠶᠢ ᠪᠢᠲᠡᠭᠦᠮᠵᠢᠯᠡᠵᠦ᠂ ᠳᠣᠣᠷ᠎ᠠ ᠳᠤᠯᠠᠭᠠᠨ ᠢ ᠪᠠᠲᠤᠯᠠᠬᠤ ᠬᠡᠷᠡᠭᠲᠡᠢ᠃ ᠬᠥᠯᠳᠡᠭᠡᠬᠦ ᠴᠠᠭ ᠢ ᠠᠮᠤ ᠪᠤᠳᠠᠭᠠᠨ ᠤ ᠳᠤᠯᠠᠭᠠᠨ ᠪᠣᠯᠤᠨ | ᠬᠥᠨᠥᠭᠡᠯᠳᠦ ᠰᠢᠪᠠᠵᠢ ᠶᠢᠨ ᠦᠬᠦᠭᠰᠡᠨ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ᠂ ᠶᠡᠷᠦ ᠳᠡᠭᠡᠨ ᠵᠠᠯᠭᠠᠭᠠᠪᠡᠷ 23 ᠡᠳᠦᠷ ᠬᠥᠯᠳᠡᠭᠰᠡᠨ ᠤ ᠳᠠᠷᠠᠭ᠎ᠠ | ᠬᠦᠮᠦᠷᠭᠡᠯᠡᠵᠦ᠂ ᠬᠤᠷᠣᠬᠠᠢ ᠠᠯᠠᠬᠤ ᠦᠷ᠎ᠡ ᠳ᠋ᠦᠩ ᠨᠢ ᠨᠡᠯᠢᠶᠡᠳ ᠰᠠᠶᠢᠨ ᠪᠠᠶᠢᠳᠠᠭ᠃ ᠪᠠᠰᠠ ᠬᠠᠬᠢᠷ ᠬᠦᠢᠲᠡᠨ ᠲᠤᠩᠭᠠᠯᠠᠭ ᠡᠳᠦᠷ ᠰᠠᠩ ᠬᠥᠮᠥᠷᠭᠡ ᠶᠢᠨ ᠡᠭᠦᠳᠡ | ᠴᠣᠩᠬᠤ ᠶᠢ ᠨᠡᠭᠡᠭᠡᠵᠦ᠂ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢᠨ ᠬᠠᠮᠲᠤ ᠠᠮᠤ ᠪᠤᠳᠠᠭᠠᠨ ᠤ ᠭᠠᠳᠠᠷᠭᠤ ᠶᠢ ᠤᠷᠪᠠᠭᠤᠯᠬᠤ ᠪᠤᠶᠤ ᠮᠠᠰᠢᠨ ᠢᠶᠠᠷ ᠰᠠᠯᠬᠢ | ᠨᠡᠪᠲᠡᠷᠡᠭᠦᠯᠦᠨ ᠳᠤᠯᠠᠭᠠᠨ ᠤ ᠬᠡᠮᠵᠢᠶ᠎ᠡ ᠶᠢ ᠳᠣᠷᠣᠭᠰᠢᠯᠠᠭᠤᠯᠵᠤ ᠪᠣᠯᠣᠨ᠎ᠠ᠃ ᠠᠮᠤ ᠪᠤᠳᠠᠭ᠎ᠠ ᠳᠣᠷᠣᠭᠰᠢᠯᠠᠭᠠᠳ ᠭᠠᠳᠠᠭᠠᠳᠤ ᠣᠷᠴᠢᠨ ᠤ ᠬᠠᠮᠤᠭ ᠳᠣᠣᠷ᠎ᠠ | ᠳᠤᠯᠠᠭᠠᠨ ᠳᠤ ᠣᠶᠢᠷᠠᠳᠬᠤ ᠦᠶ᠎ᠡ ᠳᠤ᠂ ᠠᠮᠤ ᠪᠤᠳᠠᠭᠠᠨ ᠤ ᠭᠠᠳᠠᠷᠭᠤ ᠶᠢ ᠲᠡᠭᠰᠢᠯᠡᠨ᠂ ᠡᠭᠦᠳᠡ ᠴᠣᠩᠬᠤ ᠶᠢ ᠨᠢᠭᠲᠠ ᠪᠢᠲᠡᠭᠦᠮᠵᠢᠯᠡᠵᠦ᠂ ᠳᠣᠣᠷ᠎ᠠ ᠳᠤᠯᠠᠭᠠᠨ ᠢ | ᠪᠠᠲᠤᠯᠠᠵᠤ᠂ ᠬᠤᠣᠷᠲᠤ ᠬᠤᠷᠣᠬᠠᠢ ᠶᠢ ᠬᠥᠯᠳᠡᠭᠡᠵᠦ ᠠᠯᠠᠬᠤ ᠪᠤᠶᠤ ᠬᠤᠣᠷᠲᠤ ᠬᠤᠷᠣᠬᠠᠢ ᠶᠢᠨ ᠠᠵᠢᠯᠯᠠᠭ᠎ᠠ ᠶᠢ ᠬᠤᠷᠢᠭᠯᠠᠨ᠎ᠠ᠃ | |