︽ᠪᠠᠷᠢᠮᠵᠢᠶᠠᠳᠤ ᠭᠠᠵᠠᠷ︾ ᠢ ᠨᠠᠶᠢᠳᠠᠨ ᠰᠢᠯᠵᠢᠬᠦᠯᠵᠥ ᠥᠨᠳᠥᠷ ᠦᠷ᠎ᠡ ᠠᠰᠢᠭ ᠢ ᠪᠡᠶᠡᠯᠡᠬᠦᠯᠦᠨ᠎ᠠ
ᠨᠡᠶᠢᠲᠡᠯᠡᠭᠰᠡᠨ ᠴᠠᠭ᠄
2023/11/22
      ᠠᠵᠤ ᠦᠢᠯᠡᠳᠪᠦᠷᠢ ᠳᠤ ᠬᠡᠷᠡᠭᠯᠡᠬᠦ‍ ᠨᠢᠭᠡ ᠬᠡᠰᠡᠭ ᠭᠠᠵᠠᠷ ᠢ ︽ᠪᠠᠷᠢᠮᠵᠢᠶᠠᠳᠤ ᠭᠠᠵᠠᠷ︾ ᠢᠶᠠᠷ ᠨᠠᠶᠢᠳᠠᠨ ᠰᠢᠯᠵᠢᠬᠦᠯᠵᠥ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠬᠤᠶᠠᠷ ᠰᠠᠷ᠎ᠠ ᠨᠡᠮᠡᠭᠳᠡᠭᠦᠯᠪᠡ᠃ ᠡᠨᠡ ᠪᠣᠯ ᠥᠪᠥᠷ ᠮᠣᠩᠭᠤᠯ ᠤᠨ ᠬᠤᠢ ᠳ᠋ᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠤᠨ 5GW ᠭᠡᠷᠡᠯ ᠴᠡᠨᠡᠭ ᠤᠨ ᠲᠤᠨᠤᠭᠯᠠᠯ ᠦᠢᠯᠡᠳᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠨᠢᠬᠡᠨ ︽ᠭᠠᠶᠢᠬᠠᠮᠰᠢᠭ︾ ᠪᠣᠯᠤᠨ᠎ᠠ᠃      ᠳᠠᠯᠠᠳ ᠬᠤᠰᠢᠭᠤᠨ ᠤ ᠬᠤᠢ ᠳ᠋ᠠ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠤᠯᠠᠮᠵᠢᠯᠠᠯᠲᠤ ᠡᠨᠧᠷᠭᠢ ᠶᠢᠨ ᠠᠷᠠᠯᠵᠢᠶ᠎ᠠ ᠪᠠᠷ ᠰᠠᠭᠤᠷᠢ ᠪᠣᠯᠭᠠᠵᠥ ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠪᠠᠷ ᠭᠤᠣᠯ ᠪᠣᠯᠭᠠᠭᠰᠠᠨ ᠤᠯᠤᠰ ᠤᠨ ᠥᠮᠴᠢᠯᠡᠯᠳᠤ ᠡᠨᠧᠷᠭᠢ ᠶᠢᠨ ᠠᠵᠤ ᠠᠬᠤᠶᠢᠯᠠᠯ ᠪᠣᠯᠤᠨ᠎ᠠ᠃ ᠡᠨᠡ ᠵᠢᠯ᠂ ᠲᠣᠰ ᠺᠣᠮᠫᠠᠨᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠵᠢᠯ ᠤᠨ 5GW ᠬᠡᠷᠡᠯ ᠴᠡᠨᠡᠭ ᠤᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠵᠤ᠂ 270 ᠭᠠᠷᠤᠶ ᠮᠥ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠤᠯᠵᠠᠢ᠃ 7 ᠰᠠᠷ᠎ᠠ ᠶᠢᠨ 31 ᠤ ᠡᠳᠦᠷ ᠭᠠᠵᠠᠷ ᠰᠢᠷᠣᠶ ᠶᠢᠨ ᠵᠥᠪᠰᠢᠶᠡᠷᠡᠯ ᠪᠠ ᠬᠠᠮᠲᠤᠷᠠᠨ ᠲᠠᠷᠬᠠᠭᠠᠭᠰᠠᠨ ︽ᠳᠥᠷᠪᠡᠨ ᠦᠨᠡᠮᠯᠡᠯ︾ ᠢ ᠣᠯᠤᠭᠰᠠᠨ ᠤ ᠳᠠᠷᠠᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠭᠤᠯᠵᠤ᠂ ᠵᠢᠱᠢᠯᠲᠡ ᠠᠴᠠ ᠬᠤᠶᠠᠷ ᠰᠠᠷ᠎ᠠ ᠤᠷᠢᠳᠴᠢᠯᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠬᠠᠮᠲᠤ ᠠᠰᠢᠭᠯᠠᠯᠲᠠ ᠳᠤ ᠣᠷᠣᠭᠤᠯᠵᠤ᠂ 13 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃      ᠡᠨᠡ ᠵᠢᠯ ᠤᠨ ᠡᠬᠢ ᠪᠠᠷ᠂ ᠮᠠᠨ ᠤ ᠬᠤᠲᠠ ᠠᠩᠬ᠎ᠠ ᠤᠳᠠᠭ᠎ᠠ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ + ᠭᠠᠵᠠᠷ ᠬᠡᠷᠡᠭᠯᠡᠬᠦ ᠨᠠᠷᠢᠨ ᠳᠠᠩᠰᠠ ᠶᠢᠨ ᠳᠦᠷᠢᠮ︾ ᠦᠨ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠬᠠᠮ ᠬᠡᠷᠡᠭᠯᠡᠯᠲᠡ ᠶᠢ ᠪᠡᠶᠡᠯᠡᠭᠦᠯᠪᠠ᠃ ᠲᠤᠰ ᠲᠥᠷᠥᠯ ᠵᠦᠢᠯ ᠨᠢ ᠭᠠᠵᠠᠷ ᠰᠢᠷᠣᠶ ᠬᠠᠩᠭᠠᠬᠤ ᠠᠴᠠ ᠡᠮᠦᠨ᠎ᠡ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠤᠢ ᠶᠢᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠤᠷᠢᠳ ᠢᠶᠠᠷ ᠪᠡᠶᠡᠯᠡᠭᠦᠯᠵᠦ᠂ ︽ᠪᠠᠷᠢᠮᠵᠢᠶᠠᠲᠤ ᠭᠠᠵᠠᠷ︾ ᠤᠨ ᠬᠢᠵᠠᠭᠠᠷᠯᠠᠬᠤ ᠭᠦᠢᠴᠡᠳᠭᠡᠯ ᠲᠤᠭ᠎ᠠ ᠶᠢ ᠲᠣᠭᠲᠠᠭᠠᠨ᠂ ᠡᠭᠦᠨ ᠤ ᠵᠡᠷᠭᠡ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠭᠠᠵᠠᠷ ᠰᠢᠷᠤᠢ ᠶᠢᠨ ᠭᠠᠶ ᠭᠠᠮᠰᠢᠭ ᠤᠨ ᠲᠥᠭᠰᠢᠭᠦᠷᠢᠳᠤ ᠴᠢᠨᠠᠷ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠵᠡᠷᠭᠡ 15 ᠵᠦᠢᠯ ᠤᠨ ︽ᠭᠠᠵᠠᠷ ᠰᠢᠷᠥᠢ ᠬᠡᠷᠡᠭᠯᠡᠭᠰᠡᠨ ᠨᠠᠷᠢᠨ ᠲᠠᠩᠰᠠ︾ ᠶᠢᠨ ᠰᠠᠨᠠᠯ ᠢ ᠭᠠᠷᠭᠠᠵᠤ᠂ ᠡᠴᠦᠰ ᠲᠡᠭᠡᠨ ︽ᠨᠢᠭᠡ ᠬᠠᠭᠤᠳᠠᠰᠤ ᠨᠠᠷᠢᠨ ᠲᠠᠩᠰᠠ︾ ᠭᠠᠷᠭᠠᠵᠤ ᠂ ᠭᠠᠵᠠᠷ ᠰᠢᠷᠤᠢ ᠬᠠᠩᠭᠠᠬᠤ ᠳᠠᠭᠠᠨ ᠬᠠᠮᠲᠤ ᠳᠤᠨᠢ ᠭᠠᠵᠠᠷ ᠰᠢᠷᠤᠢ ᠬᠡᠷᠡᠭᠯᠡᠭᠰᠡᠨ ᠪᠠᠶᠢᠭᠤᠯᠭ᠎ᠠ ᠨᠢᠭᠡᠴᠢ ᠳᠤ ᠲᠤᠰᠢᠶᠠᠨ ᠥᠭᠴᠦ᠂ ᠭᠠᠵᠠᠷ ᠰᠢᠷᠤᠢ ᠬᠡᠷᠡᠭᠯᠡᠭᠰᠡᠨ ᠪᠠᠶᠢᠭᠤᠯᠭ᠎ᠠ ᠨᠢᠬᠡᠴᠢ ᠶᠢᠨ ᠴᠠᠭ ᠪᠠ ᠥᠪᠡᠷ ᠤᠨ ᠥᠷᠲᠡᠭ ᠢ ᠶᠡᠭᠡ ᠪᠠᠷ ᠠᠷᠪᠢᠯᠠᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠭᠡᠪᠡ᠃ ᠭᠠᠵᠠᠷ ᠰᠢᠷᠣᠶ ᠬᠡᠷᠡᠭᠯᠡᠬᠦ ᠲᠥᠷᠥ ᠶᠢᠨ ᠪᠣᠳᠣᠯᠭ᠎ᠠ ᠤᠯᠡᠮ ᠨᠢᠭᠡ ᠠᠯᠬᠤᠮ ᠲᠡᠭᠦᠯᠳᠡᠷᠵᠢᠬᠦ ᠶᠢ ᠳᠠᠭᠠᠯᠳᠤᠨ᠂ 7 ᠰᠠᠷ᠎ᠠ ᠳᠤ᠂ ᠮᠠᠨ ᠤ ᠬᠤᠲᠠ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ ᠰᠢᠷᠣᠶ + ᠭᠠᠵᠠᠷ ᠰᠢᠷᠣᠶ ᠬᠡᠷᠡᠭᠯᠡᠬᠦ ᠨᠠᠷᠢᠨ ᠲᠠᠩᠰᠡ ᠶᠢᠨ ᠲᠦᠷᠢᠮ + ᠭᠠᠵᠠᠷ ᠰᠢᠷᠣᠶ ᠠᠪᠤᠪᠠᠯ ᠳᠠᠷᠤᠶ ᠠᠵᠢᠯ ᠡᠬᠢᠯᠡᠭᠦᠯᠬᠦ︾ ᠭᠠᠵᠠᠷ ᠰᠢᠷᠣᠶ ᠬᠡᠷᠡᠭᠯᠡᠬᠦ ᠲᠥᠷᠥ ᠶᠢᠨ ᠪᠣᠳᠣᠯᠭ᠎ᠠ ᠶᠢ ᠬᠠᠮᠳᠤᠷᠠᠭᠤᠯᠤᠨ ᠬᠡᠷᠡᠭᠯᠡᠬᠦ ᠶᠢ ᠳᠠᠬᠢᠨᠲᠠ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠱᠢᠶ᠎ᠡ ᠪᠣᠯᠤᠭᠰᠠᠨ ᠪᠠᠶᠢᠨ᠎ᠠ᠃      ᠣᠲᠣᠬᠠᠨ ᠪᠣᠯᠲᠠᠯ᠎ᠠ᠂ ᠮᠠᠨ ᠤ ᠬᠤᠲᠠ ᠨᠡᠶᠢᠲᠡ 26 ᠬᠡᠰᠡᠭ ︽ᠪᠠᠷᠢᠮᠵᠢᠶᠠᠲᠤ ᠭᠠᠵᠠᠷ︾᠂ 6827.7 ᠮᠥ ᠭᠠᠵᠠᠷ ᠰᠢᠷᠤᠢ ᠶᠢ ᠨᠠᠶᠢᠳᠠᠨ ᠰᠢᠯᠵᠢᠬᠦᠯᠥᠭᠰᠡᠨ ᠨᠢ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠭᠰᠠᠨ ᠢᠶᠠᠷ ᠪᠠᠷᠠᠬᠤ ᠥᠬᠡᠶ᠂ ᠪᠥᠬᠦ ᠬᠤᠲᠠ ᠶᠢᠨ ᠭᠠᠵᠠᠷ ᠰᠢᠷᠣᠶ ᠶᠢᠨ ᠡᠬᠢ ᠪᠠᠶᠠᠯᠢᠭ ᠤᠨ ᠬᠥᠴᠤᠨ ᠵᠦᠢᠯ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠡᠢ᠃      ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠶᠢ ᠪᠠᠷᠢᠮᠵᠢᠶᠠᠵᠢᠭᠤᠯᠤᠨ ᠨᠠᠶᠢᠳᠠᠵᠥ ᠰᠢᠯᠵᠢᠬᠦᠯᠥᠭᠰᠡᠨ ᠢ ᠭᠠᠵᠠᠷ ᠰᠢᠷᠣᠶ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠥᠨᠳᠥᠷ ᠪᠦᠲᠦᠮᠵᠢᠲᠡᠶ ᠪᠠᠷ ᠬᠠᠩᠭᠠᠬᠤ ᠶᠢ ᠪᠡᠶᠡᠯᠡᠭᠦᠯᠬᠦ ᠶᠢᠨ ᠦᠨᠳᠦᠰᠦᠨ ᠤᠷᠢᠲᠠᠯ ᠪᠠ ᠴᠢᠬᠤᠯᠠ ᠠᠷᠭ᠎ᠠ ᠪᠠᠷᠢᠯ ᠪᠣᠯᠭᠠᠭᠰᠠᠨ ᠤ ᠬᠠᠮᠲᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ︽ᠪᠠᠷᠢᠮᠵᠢᠶᠠᠲᠤ ᠭᠠᠵᠠᠷ︾ ᠢ ᠨᠠᠶᠢᠳᠠᠨ ᠰᠢᠯᠵᠢᠬᠦᠯᠬᠦ ᠵᠠᠭᠪᠤᠷ ᠢ ᠪᠥᠬᠦ ᠲᠠᠯ᠎ᠠ ᠪᠠᠷ ᠠᠬᠢᠭᠤᠯᠪᠠ᠃ 2022 ᠣᠨ ᠳᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠡᠯ᠎ᠡ ᠲᠦᠷᠦᠯ ᠤᠨ ᠠᠵᠢᠯ ᠢ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ︽ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠪᠠᠷᠢᠮᠵᠢᠶᠠᠳᠤ ᠭᠠᠵᠠᠷ ᠢᠶᠠᠷ ᠨᠠᠶᠢᠳᠠᠨ ᠰᠢᠯᠵᠢᠬᠦᠯᠬᠦ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠤᠷᠢᠳ ᠢᠶᠠᠷ ᠦᠨᠡᠯᠡᠨ ᠵᠢᠱᠢᠬᠦ᠂ ᠬᠡᠷᠡᠭ ᠤᠨ ᠡᠮᠦᠨ᠎ᠡ ᠪᠠᠷᠢᠮᠵᠢᠶ᠎ᠠ ᠲᠣᠭᠲᠠᠭᠠᠬᠤ᠂ ᠬᠡᠷᠡᠭ ᠤᠨ ᠳᠤᠮᠳᠠ ᠠᠮᠠᠯᠠᠯᠲᠠ ᠬᠢᠬᠦ᠂ ᠬᠡᠷᠡᠭ ᠤᠨ ᠳᠠᠷᠠᠭ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ︾ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠷᠴᠢᠮ᠂ ᠪᠠᠭᠲᠠᠭᠠᠮᠵᠢ ᠶᠢᠨ ᠨᠣᠷᠮ᠎ᠠ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ᠂ ᠣᠷᠴᠢᠨ ᠲᠣᠭᠤᠷᠢᠨ ᠤ ᠪᠠᠷᠢᠮᠵᠢᠶ᠎ᠠ ᠵᠡᠷᠭᠡ ᠭᠦᠢᠴᠡᠳᠭᠡᠯ ᠲᠤᠭ᠎ᠠ ᠶᠢᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷᠡᠭᠯᠡᠬᠦ ᠭᠠᠵᠠᠷ ᠰᠢᠷᠥᠢ ᠶᠢ ᠨᠠᠶᠢᠳᠠᠨ ᠰᠢᠯᠵᠢᠬᠦᠯᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠨ᠂ ︽ᠠᠵᠤ ᠠᠬᠤᠶᠢᠯᠠᠯ ᠤᠨ ᠠᠮᠠᠯᠠᠯᠲᠠ + ᠨᠡᠶᠢᠯᠡᠭᠦᠯᠦᠨ ᠬᠢᠨᠠᠨ ᠵᠥᠪᠰᠢᠶᠡᠷᠡᠬᠦ︾ ᠲᠣᠭᠲᠠᠴᠠ ᠶᠢ ᠬᠡᠷᠡᠭᠵᠢᠭᠦᠯᠵᠥ᠂ ᠠᠵᠤ ᠠᠬᠤᠶᠢᠯᠠᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠤᠨ᠂ ᠭᠠᠵᠠᠷ ᠰᠢᠷᠣᠶ ᠶᠢ ᠶᠡᠷᠦᠩᠬᠡᠶᠢᠯᠡᠨ ᠬᠠᠩᠭᠠᠬᠤ ᠦᠷ᠎ᠡ ᠠᠰᠢᠭ ᠢ ᠳᠡᠭᠡᠭᠰᠢᠯᠡᠭᠦᠯᠪᠠ᠃   
ᠢᠷᠡᠯᠲᠡ᠄ ᠤᠷᠳᠤᠰ ᠤᠨ ᠡᠳᠤᠷ ᠤᠨ ᠰᠤᠨᠢᠨ