ᠳᠠᠯᠠᠳ ᠬᠤᠰᠢᠭᠤᠨ ᠤ ᠤᠰᠤ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠱᠠᠩᠨᠠᠬᠤ ᠪᠠᠷ ᠨᠦᠬᠦᠪᠦᠷᠢᠯᠡᠬᠦ ᠶᠢ ᠤᠷᠤᠯᠠᠬᠤ ᠲᠥᠰᠥᠯ
ᠨᠡᠶᠢᠲᠡᠯᠡᠭᠰᠡᠨ ᠴᠠᠭ᠄
2023/11/22
      ᠨᠢᠭᠡ᠂ ᠲᠥᠰᠥᠯ ᠢ ᠨᠡᠶᠢᠲᠡᠯᠡᠭᠰᠡᠨ ᠠᠬᠤᠢ ᠪᠠᠶᠢᠳᠠᠯ ᠪᠠ ᠴᠢᠬᠤᠯᠠ ᠴᠢᠨᠠᠷ      ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠬᠥᠭᠵᠢᠭᠦᠯᠵᠦ ᠤᠰᠤ ᠶᠢ ᠵᠠᠰᠠᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠪᠠᠷ ᠵᠠᠰᠠᠬᠤ᠂ ᠬᠤᠶᠠᠷ ᠲᠠᠯ᠎ᠠ  ᠪᠠᠷ ᠬᠦᠴᠦᠯᠡᠬᠦ︾ ᠠᠷᠪᠠᠨ ᠵᠢᠷᠭᠤᠭᠠᠨ ᠦᠰᠦᠭ ᠤᠨ ᠤᠰᠤ ᠶᠢ ᠵᠠᠰᠠᠬᠤ ᠰᠡᠳᠬᠢᠮᠵᠢ ᠶᠢᠨ ᠲᠣᠭᠤᠷᠢᠨ ᠳᠤ᠂ ︽ᠲᠥᠷᠥᠯ ᠵᠦᠢᠯ ᠶᠢ ᠳᠤᠭᠳᠠᠭᠠᠨ ᠵᠦᠪᠰᠢᠶᠡᠷᠡᠬᠦᠯᠦᠨ ᠬᠡᠷᠡᠭᠵᠢᠬᠦᠯᠬᠦ ᠶᠢ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠠᠴᠠ ᠤᠬᠠᠮᠰᠠᠷ ᠠᠴᠠ ᠪᠠᠨ ᠭᠤᠶᠤᠴᠢᠯᠠᠨ ᠮᠡᠳᠡᠭᠦᠯᠬᠦ᠂ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ ᠪᠤᠯᠭᠠᠨ ᠬᠤᠪᠢᠷᠠᠭᠤᠯᠵᠤ᠂ ᠤᠷᠢᠳ ᠢᠶᠠᠷ ᠰᠠᠯᠭᠠᠨ ᠥᠭᠴᠦ ᠳᠠᠷᠠᠭ᠎ᠠ ᠳᠤ ᠨᠢ ᠪᠦᠲᠦᠭᠡᠨ ᠪᠠᠶᠢᠭᠤᠯᠬᠤ  ᠶᠢ ᠤᠷᠢᠳ ᠢᠶᠠᠷ  ᠪᠦᠳᠦᠭᠡᠨ ᠪᠠᠶᠢᠭᠤᠯᠤᠨ ᠳᠠᠷᠠᠭ᠎ᠠ ᠳᠤ ᠨᠢ ᠨᠥᠬᠦᠪᠦᠷᠢᠯᠡᠬᠦ ᠪᠠᠷ ᠬᠤᠪᠢᠷᠠᠭᠤᠯᠬᠤ︾ ᠪᠠᠷ ᠭᠤᠣᠯᠳᠠᠯᠭ᠎ᠠ ᠪᠣᠯᠭᠠᠵᠤ᠂ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠬᠦᠴᠦᠨ ᠪᠠ ᠬᠥᠷᠥᠰᠥ ᠰᠢᠷᠣᠢ ᠶᠢᠨ ᠢᠳᠡᠭᠳᠡᠯ ᠤᠨ ᠣᠷᠣᠨ ᠤ ᠥᠷᠭᠡᠨ ᠣᠯᠠᠨ ᠲᠦᠮᠡᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠪᠠᠶᠠᠯᠢᠭᠵᠢᠭᠤᠯᠤᠨ᠂ ᠠᠵᠢᠯᠯᠠᠭᠠᠨ ᠤ ᠬᠠᠮᠠᠭᠠᠯᠠᠯᠳᠠ ᠬᠠᠮᠢᠶᠠᠷᠤᠯᠳᠠ ᠶᠢᠨ ᠳᠤᠭᠳᠠᠯᠴᠠᠭ᠎ᠠ ᠶᠢ ᠲᠡᠭᠦᠯᠳᠡᠷᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠠᠵᠢᠯ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠂ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠠᠮᠢ ᠠᠬᠤᠢ ᠶᠢᠨ ᠪᠣᠯᠪᠠᠰᠤᠨ ᠤ ᠠᠬᠢᠴᠠ ᠶᠢ ᠳᠦᠷᠭᠡᠳᠬᠡᠨ᠂ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ᠂ ᠵᠠᠰᠠᠯᠲᠠ ᠶᠢᠨ ᠦᠷ᠎ᠡ ᠪᠦᠲᠦᠮᠵᠢ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠬᠤᠶᠠᠷ᠂ ᠲᠥᠰᠥᠯ ᠢ ᠨᠡᠶᠢᠲᠡᠯᠡᠭᠰᠡᠨ ᠦᠨᠳᠦᠰᠦᠯᠡᠯ    《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠬᠠᠦᠯᠢ 》᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠢᠨᠵᠧᠨᠧᠷᠢᠩ ᠤᠨ ᠱᠠᠩᠨᠠᠬᠤ ᠪᠠᠷ ᠨᠥᠬᠦᠪᠦᠷᠢᠯᠡᠬᠦ ᠶᠢ ᠤᠷᠤᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠤᠰᠤ ᠬᠠᠮᠠᠭᠠᠯᠠᠬᠤ ﹇2022﹈ 50 ᠳ᠋ᠤᠭᠠᠷ ᠲᠣᠭᠠᠲᠤ︶ ᠵᠢᠴᠢ ︽︿ᠣᠷᠳᠣᠰ ᠬᠤᠲᠠ ᠶᠢᠨ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠱᠠᠩᠨᠠᠬᠤ ᠪᠠᠷ ᠨᠥᠬᠦᠪᠦᠷᠢᠯᠡᠬᠦ ᠶᠢ ᠤᠷᠤᠯᠠᠬᠤ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠬᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠣᠷᠳᠣᠰ ᠤᠰᠤ ᠳᠠᠷᠬᠠᠭᠠᠬᠤ ﹇2022﹈ 359 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶᠃        ᠭᠤᠷᠪᠠ᠂ ᠲᠥᠰᠥᠯ ᠢ ᠨᠡᠶᠢᠲᠡᠯᠡᠭᠰᠡᠨ ᠵᠣᠷᠢᠯᠭ᠎ᠠ       ᠱᠠᠩᠨᠠᠬᠤ ᠪᠠᠷ ᠨᠦᠬᠦᠪᠦᠷᠢᠯᠡᠬᠦ ᠶᠢ ᠤᠷᠤᠯᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠠᠷ ᠳᠠᠮᠵᠢᠨ᠂ ᠪᠦᠭᠦ ᠬᠤᠰᠢᠭᠤᠨ ᠤ ᠤᠰᠤ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠠᠯᠬᠤᠴᠠ ᠶᠢ ᠳᠦᠷᠭᠡᠳᠬᠡᠨ᠂ ᠠᠮᠢ ᠠᠬᠤᠢ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠤᠨ᠎ᠠ︔ ᠤᠰᠤ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠣᠷᠣᠯᠴᠠᠬᠤ ᠬᠦᠰᠡᠯ ᠡᠷᠡᠮᠡᠯᠵᠡᠯ ᠢ ᠢᠯᠡᠳᠲᠡ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠲᠣᠭᠤᠷᠢᠭ ᠤᠨ ᠣᠯᠠᠨ ᠲᠦᠮᠡᠨ ᠠᠰᠢᠭ ᠭᠥᠷᠳᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠨᠢᠭᠡ ᠢᠵᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠬᠦ ᠳᠤ ᠬᠢᠯᠪᠠᠷ ᠠᠮᠵᠢᠯᠲᠠ ᠲᠠᠢ ᠲᠤᠷᠰᠢᠯᠭ᠎ᠠ ᠶᠢ ᠪᠣᠶ ᠪᠣᠯᠭᠠᠵᠤ᠂ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠡᠯᠡ ᠮᠦᠩᠭᠦᠨ ᠤ ᠣᠷᠣᠭᠤᠯᠤᠯᠲᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃       
ᠢᠷᠡᠯᠲᠡ᠄ ᠳᠤᠰ ᠰᠦᠯᠵᠢᠶ᠎ᠠ