ᠳᠠᠯᠠᠳ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/11/22
     ᠨᠢᠭᠡ᠂ ᠳᠤᠭᠳᠠᠭᠠᠭᠰᠠᠨ ᠠᠬᠤᠢ ᠪᠠᠶᠢᠳᠠᠯ     ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠯᠲᠠ ᠶᠢ ᠴᠢᠩᠭᠠᠳᠬᠠᠬᠤ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠤᠬᠠᠢ ᠳᠡᠮᠡᠭᠡᠳᠦ ᠳᠠᠬᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠣᠷᠳᠣᠰ ᠬᠤᠲᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠪᠠᠶᠢᠭᠤᠯᠬᠤ ᠶᠢ ᠳᠡᠮᠵᠢᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠣᠷᠳᠣᠰ ᠬᠤᠲᠠ ᠶᠢ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠨᠡᠭᠦᠷᠡᠰᠦ ᠪᠠᠷ ᠲᠣᠰᠣ ᠬᠡᠢ ᠭᠠᠷᠭᠠᠬᠤ ᠪᠠᠶᠢᠯᠳᠤᠬᠤ ᠪᠣᠳᠣᠯᠭ᠎ᠠ ᠶᠢᠨ ᠰᠠᠭᠤᠷᠢᠨ ᠭᠠᠵᠠᠷ ᠪᠣᠯᠭᠠᠨ᠎ᠠ︔ ᠣᠷᠳᠣᠰ ᠬᠤᠲᠠ ︽ᠵᠢᠯᠤᠭᠤᠳᠬᠤ ᠰᠠᠨᠠᠯ︾ ᠢ ᠦᠨᠳᠦᠰᠦᠯᠡᠨ ︽ᠳᠡᠯᠡᠬᠡᠢ ᠶᠢᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠪᠠ᠃       ᠬᠤᠶᠠᠷ᠂ ᠨᠡᠶᠢᠲᠡᠯᠡᠭᠰᠡᠨ ᠵᠣᠷᠢᠯᠭ᠎ᠠ      ᠮᠠᠨ ᠤ ᠬᠤᠰᠢᠭᠤ ᠣᠷᠳᠣᠰ ᠬᠤᠲᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠥᠭᠵᠢᠭᠦᠯᠬᠦ ᠴᠢᠬᠤᠯᠠ ᠬᠤᠰᠢᠭᠤ ᠲᠣᠭᠤᠷᠢᠭ ᠪᠣᠯᠤᠭᠰᠠᠨ ᠤ ᠬᠤᠪᠢ ᠳᠤ᠂ ᠪᠥᠬᠦ ᠬᠤᠲᠠ ᠶᠢᠨ ᠳᠡᠯᠡᠬᠡᠢ ᠶᠢᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠪᠣᠶ ᠪᠣᠯᠭᠠᠬᠤ ᠠᠵᠠ ᠲᠣᠬᠢᠶᠠᠯ ᠢ ᠴᠢᠩᠭ᠎ᠠ ᠠᠳᠬᠤᠵᠤ᠂ ᠣᠷᠣᠨ ᠨᠤᠲᠤᠭ ᠤᠨ ᠪᠣᠳᠠᠲᠠᠢ ᠲᠠᠢ ᠪᠠᠨ ᠤᠶᠠᠯᠳᠤᠭᠤᠯᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ᠂ ᠭᠦᠨ ᠳᠠᠪᠬᠤᠷᠭ᠎ᠠ ᠶᠢᠨ᠂ ᠵᠦᠷᠢᠶᠡᠵᠢᠬᠦᠯᠦᠨ ᠥᠷᠲᠡᠭ ᠨᠡᠮᠡᠭᠳᠡᠭᠦᠯᠦᠨ᠂ ᠣᠷᠳᠣᠰ ᠬᠤᠲᠠ ᠶᠢᠨ ᠳᠡᠯᠡᠬᠡᠢ ᠶᠢᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠨ᠎ᠡ᠃       ᠭᠤᠷᠪᠠ᠂ ᠬᠥᠭᠵᠢᠯᠲᠡ ᠶᠢᠨ ᠬᠠᠷᠠᠯᠲᠠ      2025 ᠣᠨ ᠪᠣᠯᠬᠤ ᠳᠤ᠂ ᠮᠠᠨ ᠤ ᠬᠤᠰᠢᠭᠤᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ᠰᠤᠩᠭᠠᠯᠲᠠ ᠶᠢᠨ ᠬᠡᠮᠵᠢᠶ᠎ᠡ᠂ ᠪᠥᠬᠦ ᠳᠠᠯᠠᠳᠤ ᠴᠢᠨᠠᠷ᠂ ᠤᠶᠠᠨ ᠬᠠᠲᠠᠨ ᠴᠢᠨᠠᠷ ᠵᠢᠴᠢ ᠠᠮᠤᠷ ᠲᠦᠪᠰᠢᠨ ᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠪᠴᠢᠶ᠎ᠡ ᠶᠢ 600 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠲᠠᠯᠠᠳ ᠬᠤᠰᠢᠭᠤᠨ ᠤ ᠠᠵᠤ ᠦᠢᠯᠡᠳᠪᠦᠷᠢ ᠶᠢᠨ ᠳᠤᠭᠳᠠᠯᠴᠠᠭ᠎ᠠ ᠶᠢᠨ ᠵᠠᠩᠭᠢᠯᠠᠭ᠎ᠠ ᠶᠢᠨ ᠨᠢᠭᠡ ᠭᠤᠭᠴᠤᠭ᠎ᠠ ᠪᠣᠯᠭᠠᠨ᠎ᠠ︔2030 ᠣᠨ ᠪᠣᠯᠬᠤ ᠳᠤ᠂ ᠮᠠᠨ ᠤ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠨᠠᠷᠢᠯᠢᠭᠵᠢᠭᠤᠯᠬᠤ᠂ ᠳᠡᠭᠡᠳᠦ ᠦᠵᠦᠭᠦᠷᠵᠢᠭᠦᠯᠬᠦ᠂ ᠦᠵᠦᠭᠦᠷᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠳᠡᠭᠡᠳᠦ ᠦᠵᠦᠭᠦᠷ ᠤᠨ ᠬᠢᠮᠢ ᠶᠢᠨ ᠦᠢᠯᠡᠳᠬᠦᠨ᠂ ᠦᠵᠦᠭᠦᠷ ᠤᠨ ᠬᠡᠷᠡᠭᠯᠡᠭᠡᠨ ᠤ ᠬᠦᠷᠢᠶ᠎ᠡ ᠳᠠᠰᠢ ᠤᠯᠠᠷᠢᠭᠤᠯᠤᠨ ᠬᠤᠪᠢᠷᠠᠭᠤᠯᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ᠎ᠠ᠃       ᠳᠦᠷᠪᠡ᠂ ᠭᠤᠣᠯ ᠡᠭᠦᠷᠭᠡ      ᠨᠢᠭᠡ ᠳᠤ ᠵᠢᠷᠭᠤᠭᠠᠨ ᠶᠡᠭᠡ ᠪᠦᠯᠦᠭᠯᠡᠯ ᠢ ᠪᠠᠶᠢᠭᠤᠯᠤᠨ᠎ᠠ᠃ ᠮᠠᠨ ᠤ ᠬᠤᠰᠢᠭᠤᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ 6 ᠪᠣᠳᠠᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢ ᠶᠢ ᠪᠠᠲᠤᠳᠬᠠᠨ ᠬᠥᠭᠵᠢᠭᠦᠯᠬᠦ ᠪᠦᠯᠦᠭᠯᠡᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢ ᠪᠣᠶᠢᠵᠢᠭᠤᠯᠤᠨ ᠬᠥᠭᠵᠢᠭᠦᠯᠬᠦ ᠪᠦᠯᠦᠭᠯᠡᠯ᠂ ᠾᠯᠣᠷ ᠱᠦᠯᠲᠦ ᠶᠢᠨ ᠪᠣᠬᠢᠷᠲᠤᠯ ᠦᠭᠡᠢ ᠲᠠᠰ ᠳᠡᠪᠰᠢᠭᠦᠯᠦᠨ ᠬᠥᠭᠵᠢᠭᠦᠯᠬᠦ ᠪᠦᠯᠦᠭᠯᠡᠯ᠂ ᠣᠷᠭᠠᠨᠢᠭ ᠴᠠᠬᠢᠭᠤᠷ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠪᠦᠯᠦᠭᠯᠡᠯ᠂ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠦᠨ ᠬᠥᠭᠵᠢᠭᠦᠯᠬᠦ ᠪᠦᠯᠦᠭᠯᠡᠯ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠪᠦᠯᠦᠭᠯᠡᠯ ᠵᠡᠷᠭᠡ ᠢ ᠲᠥᠪᠯᠡᠷᠡᠭᠦᠯᠦᠨ ᠪᠣᠶ ᠪᠣᠯᠭᠠᠨ᠎ᠠ᠃ ᠬᠤᠶᠠᠷ ᠲᠤ ᠨᠠᠢᠮᠠᠨ ᠶᠡᠭᠡ ᠠᠵᠢᠯᠯᠠᠭ᠎ᠠ ᠶᠢ ᠦᠷᠨᠢᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠰᠢᠭᠤ《 ᠲᠤᠰᠬᠠᠢ ᠨᠠᠷᠢᠯᠢᠭ ᠣᠨᠴᠠ ᠰᠢᠨ᠎ᠡ》ᠠᠵᠦ ᠠᠬᠤᠶᠢᠯᠠᠯ ᠢ ᠪᠣᠶᠢᠵᠢᠭᠤᠯᠬᠤ ᠠᠵᠢᠯᠯᠠᠭ᠎ᠠ᠂ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠠᠵᠢᠯᠯᠠᠭ᠎ᠠ᠂ ᠴᠢᠬᠤᠯᠠ ᠶᠡᠭᠡ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠠᠵᠢᠯᠯᠠᠭ᠎ᠠ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ᠂ ᠲᠤᠭᠠᠴᠢᠯᠠᠯᠳᠠ ᠤᠶᠤᠨᠴᠢᠯᠠᠯᠳᠠ ᠪᠠᠷ ᠦᠢᠯᠡᠳᠬᠦ ᠠᠵᠢᠯ ᠳᠤ ᠬᠦᠴᠦᠨ ᠨᠡᠮᠡᠷᠢᠯᠡᠨ ᠵᠢᠱᠢᠶ᠎ᠡ ᠦᠵᠡᠭᠦᠯᠬᠦ ᠠᠵᠢᠯᠯᠠᠭ᠎ᠠ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠠᠵᠢᠯᠯᠠᠭ᠎ᠠ᠂ ᠣᠷᠣᠨ ᠵᠠᠢ ᠶᠢᠨ ᠠᠴᠢᠶᠠᠯᠠᠪᠤᠷᠢ ᠶᠢᠨ ᠴᠢᠳᠠᠪᠤᠷᠢ ᠶᠢ ᠲᠥᠪᠯᠡᠷᠡᠭᠦᠯᠬᠦ ᠠᠵᠢᠯᠯᠠᠭ᠎ᠠ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠯᠢᠳᠡᠭ ᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃  
ᠢᠷᠡᠯᠲᠡ᠄ ᠳᠤᠰ ᠰᠦᠯᠵᠢᠶ᠎ᠡ