ᠳᠠᠯᠠᠳ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠥᠰᠥᠯ ​
ᠨᠡᠶᠢᠲᠡᠯᠡᠭᠰᠡᠨ ᠴᠠᠭ᠄
2023/11/22
      ᠨᠢᠭᠡ᠂ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ       2023 ᠣᠨ ᠤ 7 ᠰᠠᠷ᠎ᠠ ᠶᠢᠨ 20 ᠤ ᠡᠳᠦᠷ᠂ ᠲᠠᠷᠢᠮᠠᠯ ᠤᠨ ᠦᠰᠦᠯᠳᠠ ᠪᠤᠶᠢᠵᠢᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤ ᠮᠥᠨᠳᠥᠷ᠂ ᠰᠢᠷᠦᠭᠦᠨ ᠪᠣᠷᠣᠭᠠᠨ ᠪᠠ ᠠᠶᠤᠩᠭᠠᠲᠤ ᠪᠣᠷᠣᠭᠠᠨ ᠶᠡᠭᠡ ᠰᠠᠯᠬᠢᠨ ᠤ ᠭᠠᠮᠰᠢᠭ ᠲᠤ ᠳᠠᠭᠠᠷᠢᠭᠳᠠᠵᠤ᠂ 18.8 ᠲᠦᠮᠡᠨ ᠮᠦ ᠲᠠᠷᠢᠮᠠᠯ ᠤᠨ ᠵᠦᠢᠯ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠵᠤ ︵ᠡᠭᠦᠨ ᠳᠤ᠄ ᠭᠠᠮᠰᠢᠭᠳᠠᠭᠰᠠᠨ ᠲᠠᠯᠠᠪᠠᠶ 8.48 ᠲᠦᠮᠡᠨ ᠮᠦ᠂ ᠬᠤᠷᠢᠶᠠᠯᠲᠠ ᠠᠯᠳᠠᠭᠰᠠᠨ ᠲᠠᠯᠠᠪᠠᠶ 1.8 ᠲᠦᠮᠡᠨ ᠮᠦ︶᠂ 139 ᠮᠠᠯ ᠠᠳᠡᠵᠡᠢ᠃ ᠭᠠᠮᠰᠢᠭ ᠡᠭᠦᠰᠦᠭᠰᠡᠨ ᠤ ᠳᠠᠷᠠᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠭᠠᠮᠰᠢᠭᠳᠠᠭᠰᠠᠨ ᠰᠤᠮᠤ ᠪᠠᠯᠭᠠᠰᠤ ᠲᠡᠷᠡ ᠳᠠᠷᠤᠢ ᠳᠤᠨᠢ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠣᠯᠠᠨ ᠲᠦᠮᠡᠨ ᠢ ᠲᠣᠬᠤᠨᠢᠭᠤᠯᠵᠤ᠂ ᠭᠠᠮᠰᠢᠭ ᠠᠴᠠ ᠠᠪᠤᠷᠠᠬᠤ ᠪᠠ ᠲᠠᠷᠢᠶᠠᠯᠠᠩ ᠤᠨ ᠦᠢᠯᠡᠳᠪᠦᠷᠢᠯᠡᠯ ᠢ ᠰᠡᠷᠭᠦᠭᠡᠬᠦ ᠠᠵᠢᠯ ᠢ ᠵᠢᠯᠣᠭᠤᠳᠤᠨ ᠦᠷᠨᠢᠭᠦᠯᠵᠡᠢ᠃        ᠬᠤᠶᠠᠷ᠂ ︽ᠲᠥᠰᠥᠯ︾  ᠤᠨ ᠭᠤᠣᠯ ᠬᠠᠷᠠᠯᠲᠠ       ᠬᠤᠲᠠ ᠶᠢᠨ ᠱᠠᠲᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 3000 ᠲᠦᠮᠡᠨ ᠲᠥᠭᠦᠷᠢᠭ ᠭᠤᠶᠤᠴᠢᠯᠠᠵᠠᠢ ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠠᠮᠰᠢᠭᠳᠠᠭᠰᠠᠨ ᠰᠤᠮᠤ ᠪᠠᠯᠭᠠᠰᠤ ᠪᠣᠯᠣᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠯᠠᠭ᠎ᠠ ᠮᠥᠴᠢᠷ ᠲᠤ ᠪᠦᠯᠦᠭ ᠬᠤᠪᠢᠶᠠᠨ ᠥᠭᠴᠦ᠂ ᠤᠷᠢᠳᠠᠪᠠᠷ 1700 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠪᠠᠭᠤᠯᠭᠠᠪᠠ᠂ ᠡᠭᠦᠨ ᠳᠤ᠄ ᠵᠣᠣ ᠵᠢᠶᠦ᠋ᠨ ᠪᠠᠯᠭᠠᠰᠤᠨ ᠳᠤ ᠭᠠᠮᠰᠢᠭ ᠠᠴᠠ ᠠᠪᠤᠷᠠᠬᠤ ᠪᠡᠯᠡ ᠮᠥᠩᠭᠦ 550 ᠲᠦᠮᠡᠨ ᠲᠥᠭᠦᠷᠢᠭ ᠦᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ  ᠠᠴᠠ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠬᠡᠷᠡᠭᠯᠡᠨ᠎ᠡ︔ ᠽᠠᠨᠳᠠᠨᠵᠤᠤ ᠰᠤᠮᠤᠨ ᠳᠤ 300 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠬᠡᠷᠡᠭᠯᠡᠨ᠎ᠡ︔  ᠱᠠᠭᠵᠠᠮᠤᠨᠢ ᠪᠠᠯᠭᠠᠰᠤ᠂ ᠪᠠᠢ ᠨᠢ ᠵᠢᠩ ᠪᠠᠯᠭᠠᠰᠤ ᠵᠡᠷᠭᠡ ᠪᠤᠰᠤᠳ 7 ᠰᠤᠮᠤ ᠪᠠᠯᠭᠠᠰᠤᠨ ᠳᠤ ᠲᠣᠰᠪᠣᠷᠢ 100 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠥᠭᠴᠦ᠂ ᠨᠡᠶᠢᠲᠡ 700 ᠲᠦᠮᠡᠨ ᠲᠥᠭᠦᠷᠢᠭ ᠢ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠬᠡᠷᠡᠭᠯᠡᠨ᠎ᠡ︔ ᠴᠠᠭ ᠠᠭᠤᠷ ᠤᠨ ᠳᠤᠪᠴᠢᠶᠠᠨ ᠳᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ 150 ᠲᠦᠮᠡᠨ ᠲᠥᠭᠦᠷᠢᠭ ᠥᠭᠴᠦ᠂ ᠮᠥᠨᠳᠥᠷ ᠢ ᠰᠡᠷᠭᠡᠶᠢᠯᠡᠬᠦ ᠠᠵᠢᠯ ᠥᠷᠨᠢᠭᠦᠯᠬᠦ ᠵᠡᠷᠭᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠬᠡᠷᠡᠭᠯᠡᠨ᠎ᠡ᠃ ᠦᠯᠡᠳᠡᠭᠰᠡᠨ 1300 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠤᠶᠠᠷ ᠬᠡᠰᠡᠭ ᠬᠤᠪᠢᠶᠠᠨ ᠬᠡᠷᠡᠭᠯᠡᠵᠦ᠂ ᠨᠢᠭᠡᠳᠦᠭᠡᠷ ᠬᠡᠰᠡᠭ ᠢ ᠨᠠᠮᠤᠷ ᠤᠨ ᠬᠤᠷᠢᠶᠠᠯᠲᠠ ᠶᠢᠨ ᠳᠠᠷᠠᠭ᠎ᠠ ᠲᠤᠰ ᠤᠳᠠᠭᠠᠨ ᠤ ᠭᠠᠮᠰᠢᠭᠳᠠᠭᠰᠠᠨ ᠲᠠᠷᠢᠶᠠᠴᠢᠨ ᠡᠷᠦᠬᠡ  ᠶᠢᠨ ᠪᠣᠳᠠᠲᠠᠢ ᠬᠤᠬᠢᠷᠠᠯ ᠢ ᠦᠨᠡᠯᠡᠨ ᠵᠢᠱᠢᠬᠦ ᠪᠠᠷ ᠳᠠᠮᠵᠢᠨ ᠭᠠᠮᠰᠢᠭᠳᠠᠭᠰᠠᠨ ᠲᠠᠷᠢᠶᠠᠴᠢᠨ ᠡᠷᠦᠬᠡ ᠳᠤ ᠭᠠᠮᠰᠢᠭ ᠠᠴᠠ ᠠᠪᠤᠷᠠᠬᠤ ᠵᠣᠬᠢᠰᠲᠠᠢ ᠨᠥᠬᠦᠪᠦᠷᠢ ᠣᠯᠭᠤᠬᠤ ᠳᠤ ᠬᠡᠷᠡᠭᠯᠡᠨ᠎ᠡ᠃ ᠬᠤᠶᠠᠳᠤᠭᠠᠷ ᠬᠡᠰᠡᠭ ᠢ ᠡᠯ᠎ᠡ ᠰᠤᠮᠤ ᠪᠠᠯᠭᠠᠰᠤ᠂ ᠡᠯ᠎ᠡ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠯᠠᠭ᠎ᠠ ᠮᠥᠴᠢᠷ ᠤᠨ ᠪᠥᠬᠦ ᠵᠢᠯ ᠤᠨ ᠭᠠᠩ ᠬᠠᠭᠰᠠᠷᠠᠭᠠᠨ ᠲᠠᠢ ᠲᠡᠮᠡᠴᠡᠵᠦ ᠦᠶᠡᠷ ᠢ ᠰᠡᠷᠭᠡᠶᠢᠯᠡᠬᠦ ᠵᠡᠷᠭᠡ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠥᠩᠭᠦ ᠳᠤ ᠬᠡᠷᠡᠭᠯᠡᠵᠦ᠂ ᠢᠯᠠᠩᠭᠤᠶ᠎ᠠ ᠰᠡᠭᠦᠯᠴᠢ ᠶᠢᠨ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠳᠤ ᠬᠡᠷᠡᠭᠯᠡᠵᠦ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠲᠠᠰᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃        ᠭᠤᠷᠪᠠ᠂ ︽ᠲᠥᠰᠥᠯ︾ ᠤᠨ ᠭᠤᠣᠯᠳᠠᠯᠭ᠎ᠠ ᠲᠠᠢ ᠠᠵᠢᠯ        ᠨᠢᠭᠡ ᠳᠤ ᠭᠠᠮᠰᠢᠭᠳᠠᠭᠰᠠᠨ ᠲᠠᠷᠢᠮᠠᠯ ᠤᠨ ᠵᠦᠢᠯ ᠢ ᠵᠠᠪᠳᠤᠨ ᠳᠠᠷᠢᠵᠤ ᠨᠥᠬᠦᠵᠦ ᠳᠠᠷᠢᠭᠰᠠᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠳᠤ ᠨᠥᠬᠦᠪᠦᠷᠢ ᠣᠯᠭᠤᠨ᠎ᠠ᠃ ᠬᠤᠶᠠᠷ ᠲᠤ ᠬᠤᠬᠢᠷᠠᠯ ᠳᠤ ᠤᠴᠠᠷᠠᠭᠰᠠᠨ ᠲᠠᠷᠢᠶᠠᠨ ᠭᠠᠵᠠᠷ ᠵᠢᠴᠢ ᠲᠣᠮᠣ ᠫᠧᠩ ᠵᠡᠷᠭᠡ ᠰᠠᠭᠤᠷᠢ ᠲᠥᠬᠦᠭᠡᠷᠦᠮᠵᠢ ᠶᠢ ᠰᠡᠷᠭᠦᠭᠡᠨ ᠪᠦᠲᠦᠭᠡᠨ ᠪᠠᠶᠢᠭᠤᠯᠬᠤ ᠳᠤ ᠨᠥᠬᠦᠪᠦᠷᠢ ᠣᠯᠭᠤᠨ᠎ᠠ︔ ᠭᠤᠷᠪᠠ ᠳᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠳᠤ ᠠᠪᠤᠭᠰᠠᠨ ᠳᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ᠂ ᠵᠢᠱᠢᠶᠡᠯᠡᠪᠡᠯ ᠪᠣᠷᠳᠣᠭᠤᠷ ᠨᠥᠬᠦᠪᠦᠷᠢᠯᠡᠬᠦ᠂ ᠪᠣᠷᠳᠣᠭᠤᠷ ᠨᠡᠮᠡᠬᠦ᠂ ᠬᠥᠯᠳᠡᠬᠦ ᠠᠴᠠ ᠰᠡᠷᠭᠡᠶᠢᠯᠡᠬᠦ ᠵᠡᠷᠭᠡ ᠳᠤ ᠨᠥᠬᠦᠪᠦᠷᠢ ᠥᠭᠭᠦᠨ᠎ᠡ᠃ ᠳᠥᠷᠪᠡ ᠳᠤ ᠭᠠᠮᠰᠢᠭᠳᠠᠭᠰᠠᠨ ᠲᠠᠷᠢᠶᠠᠴᠢᠨ ᠡᠷᠤᠭᠡ ᠳᠤ ᠨᠥᠬᠦᠪᠦᠷᠢ ᠥᠭᠭᠦᠨ᠎ᠡ᠃       
ᠢᠷᠡᠯᠲᠡ᠄ ᠳᠤᠰ ᠰᠦᠯᠵᠢᠶ᠎ᠠ