ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠳᠡ ᠳᠤ ︽ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︾ ᠭᠡᠵᠦ ᠵᠢᠭᠠᠵᠤ ᠭᠠᠷᠭᠠᠪᠠ᠃ ᠲᠠᠯᠠᠳ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ︽ᠪᠥᠬᠦ ᠤᠯᠤᠰ ᠤᠨ ᠲᠡᠷᠢᠭᠦᠨ ᠤ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠲᠤᠬᠠᠢ ᠬᠡᠷᠡᠭᠵᠢᠭᠦᠯᠬᠦ ᠲᠥᠰᠥᠯ ︵300 ᠵᠤᠷᠪᠤᠰ︶︾ ᠤᠨ ᠠᠷᠭ᠎ᠠ ᠬᠡᠮᠵᠢᠶ᠎ᠡ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠬᠤᠶᠠᠷ᠂ ᠨᠡᠶᠢᠲᠡᠯᠡᠭᠰᠡᠨ ᠵᠣᠷᠢᠯᠭ᠎ᠠ | ᠲᠥᠰᠥᠯ ᠢ ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠬᠥᠭᠵᠢᠯᠲᠡ ᠶᠢᠨ ᠪᠥᠬᠦ ᠦᠶᠡᠯᠡᠯ ᠤᠨ ᠬᠤᠭᠤᠴᠠᠭ᠎ᠠ ᠪᠠ ᠰᠢᠶᠠᠨ ᠤ | ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠠᠷᠠᠭᠠᠰᠤ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ | ᠬᠠᠷᠠᠯᠲᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠤᠲᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠬᠤ ᠪᠠᠷ ᠬᠦᠴᠦᠯᠡᠨ ᠴᠢᠷᠮᠠᠶᠢᠵᠤ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | ᠪᠦᠬᠦ ᠣᠷᠣᠨ ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠬᠡᠪ ᠳᠠᠭᠤᠷᠢᠶᠠᠯ ᠦᠵᠡᠬᠦᠯᠬᠦ ᠬᠤᠰᠢᠭᠤ ᠶᠢ ᠤᠷᠢᠳᠠᠪᠡᠷ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶ᠋ᠯᠠᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠣᠯᠭᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠪᠠᠷ ᠦᠨᠳᠦᠰᠦᠨ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠳᠠᠬᠢᠨ ᠢᠶᠠᠷ ᠨᠡᠮᠡᠭᠳᠡᠬᠦᠯᠬᠦ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ 3 ᠵᠦᠢᠯ ᠤᠨ ᠠᠷᠭ᠎ᠠ ᠬᠡᠮᠵᠢᠶ᠎ᠡ 77 ᠵᠦᠢᠯ ᠤᠨ ᠪᠣᠳᠠᠲᠠᠢ ᠡᠭᠦᠷᠭᠡ ᠶᠢ ᠪᠥᠬᠦ ᠳᠠᠯ᠎ᠠ | ᠪᠠᠷ ᠠᠬᠢᠭᠤᠯᠵᠤ᠂《ᠲᠠᠯᠠᠳ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠥᠬᠦ ᠬᠤᠲᠠ ᠲᠠᠢ ᠵᠡᠷᠭᠡᠪᠡᠷ ᠪᠥᠬᠦ ᠤᠯᠤᠰ ᠤᠨ ᠲᠡᠷᠢᠭᠦᠨ ᠤ ᠬᠢᠷᠢ | ᠲᠦᠪᠰᠢᠨ ᠳᠤ ᠤᠷᠤᠬᠤ ᠶᠢ ᠠᠬᠢᠭᠤᠯᠬᠤ︾ ᠪᠠᠷ ᠶᠡᠷᠦᠩᠬᠡᠢ ᠬᠠᠷᠠᠯᠲᠠ ᠪᠤᠯᠭᠠᠪᠠ᠃ | ᠳᠥᠷᠪᠡ᠂ ᠭᠤᠣᠯ ᠡᠭᠦᠷᠭᠡ | 1. ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠲᠡᠷᠢᠭᠦᠨ ᠳᠤ ᠤᠷᠤᠵᠤ ᠳᠡᠰ ᠳᠠᠪᠰᠢᠬᠤ︾ ᠠᠵᠢᠯᠯᠠᠭ᠎ᠠ ᠶᠢ ᠥᠷᠨᠢᠭᠦᠯᠦᠨ᠎ᠡ᠃ ᠭᠤᠣᠯᠳᠠᠭᠤ ᠪᠦᠬᠦ ᠣᠷᠣᠨ ᠤ ᠦᠨᠡᠯᠡᠯᠲᠡ ᠶᠢ ᠤᠭᠲᠤᠬᠤ | ᠪᠣᠳᠠᠲᠤ ᠬᠡᠷᠡᠭᠴᠡᠭᠡ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠨᠦᠬᠦᠴᠡᠯ ᠤᠨ ᠦᠨᠡᠯᠡᠯᠲᠡ ᠶᠢᠨ ᠭᠦᠢᠴᠡᠳᠬᠡᠬᠦ ᠲᠣᠭᠠᠨ ᠤ | ᠰᠢᠰᠲ᠋ᠧᠮ ᠤᠨ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠳᠤᠭᠤᠷᠢᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭᠠᠨ ᠤ | ᠶᠠᠪᠤᠳᠠᠯ ᠤᠨ ᠪᠦᠷᠢᠳᠬᠡᠯ᠂ ᠪᠠᠷᠢᠯᠭ᠎ᠠ ᠶᠢᠨ ᠲᠦᠷᠦᠯ ᠵᠦᠢᠯ ᠢ ᠮᠡᠳᠡᠭᠦᠯᠦᠨ ᠬᠢᠨᠠᠨ ᠵᠦᠪᠰᠢᠶᠡᠷᠡᠬᠦᠯᠬᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠴᠠᠬᠢᠯᠭᠠᠨ | ᠬᠡᠷᠡᠭᠯᠡᠬᠦ ᠤᠰᠤ ᠬᠡᠷᠡᠭᠯᠡᠬᠦ ᠬᠡᠢ ᠬᠡᠷᠡᠭᠯᠡᠬᠦ ᠳᠤᠯᠠᠭᠠᠯᠠᠮᠵᠢ ᠬᠦᠷᠳᠡᠬᠦ᠂ ᠵᠠᠬ᠎ᠠ ᠳᠡᠯᠭᠡᠭᠦᠷ ᠤᠨ ᠬᠢᠨᠠᠨ ᠡᠵᠡᠩᠨᠡᠯᠲᠡ᠂ ᠬᠤᠳᠠᠯᠳᠤᠭᠠᠨ ᠤ ᠵᠢᠭᠤᠷᠠᠯᠳᠤᠭᠠᠨ ᠢ ᠰᠢᠢᠳᠪᠦᠷᠢᠯᠡᠬᠦ | ᠂ ᠭᠠᠶᠢᠯᠢ ᠳᠠᠳᠠᠪᠤᠷᠢᠯᠠᠬᠤ᠂ ᠭᠠᠳᠠᠭᠰᠢ ᠴᠢᠯᠤᠭᠡᠳᠡᠢ ᠶᠠᠪᠤᠯᠴᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠶᠢ ᠪᠠᠲᠤᠯᠠᠬᠤ᠂ ᠪᠡᠯᠡ ᠬᠤᠷᠠᠮᠳᠤᠭᠤᠯᠬᠤ ᠦᠢᠯᠡᠴᠢᠯᠡᠭᠡ᠂ ᠬᠥᠮᠥᠨ ᠤ ᠬᠦᠴᠦᠨ ᠤ ᠡᠬᠢ ᠪᠠᠶᠠᠯᠢᠭ᠂ | ᠢᠲᠡᠭᠡᠮᠵᠢ ᠶᠢᠨ ᠣᠷᠴᠢᠨ ᠲᠣᠭᠤᠷᠢᠨ᠂ ᠳᠠᠮᠫᠤᠷᠠᠯ ᠢ ᠭᠦᠢᠴᠡᠳᠬᠡᠬᠦ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠡᠭᠦᠳᠬᠦ ᠵᠢᠴᠢ ᠬᠠᠮᠠᠭᠠᠯᠠᠬᠤ ᠪᠠ ᠬᠡᠷᠡᠭᠯᠡᠬᠦ᠂ ᠤᠷᠤᠰᠢᠨ ᠰᠠᠭᠤᠷᠢᠰᠢᠬᠤ ᠣᠷᠴᠢᠨ ᠲᠣᠭᠤᠷᠢᠨ ᠵᠡᠷᠭᠡ 20 ᠲᠠᠯ᠎ᠠ ᠪᠠᠷ 61 ᠵᠤᠷᠪᠤᠰ ᠪᠣᠳᠠᠲᠠᠢ ᠡᠭᠦᠷᠭᠡ ᠶᠢ | ᠳᠤᠷᠠᠳᠴᠤ᠂ ᠰᠠᠭᠤᠷᠢ ᠠᠵᠢᠯ ᠢ ᠯᠠᠪᠳᠠᠭᠤᠨ ᠪᠠᠲᠤᠲᠠᠢ ᠡᠬᠢᠯᠡᠬᠦᠯᠵᠦ᠂ ᠤᠬᠢ ᠰᠠᠶᠢᠨ ᠪᠠᠶᠢᠳᠠᠯ ᠢᠶᠠᠷ ᠬᠡᠮᠵᠢᠨ ᠲᠣᠭᠲᠠᠭᠠᠬᠤ ᠠᠵᠢᠯ ᠢ ᠤᠭᠲᠤᠬᠤ ᠪᠠᠷ | ᠴᠢᠷᠮᠠᠶᠢᠨ᠎ᠠ᠃ | 2. ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠡᠳᠦᠷ ᠲᠤᠲᠤᠮ ᠤᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠠᠵᠢᠯᠯᠠᠭ᠎ᠠ ᠶᠢ ᠥᠷᠨᠢᠭᠦᠯᠦᠨ᠎ᠡ᠃ ᠭᠤᠣᠯᠳᠠᠭᠤ ᠡᠳᠦᠷ ᠲᠤᠲᠤᠮ ᠤᠨ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠤᠨ ᠠᠵᠢᠯ ᠤᠨ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠦᠨ᠂ ᠦᠢᠯᠡᠴᠢᠯᠡᠬᠦ ᠤᠷᠤᠨ ᠪᠠᠶᠢᠷᠢ ᠶᠢ ᠤᠨᠤᠪᠴᠢᠳᠠᠢ ᠡᠷᠢᠯᠬᠢᠯᠡᠵᠦ᠂ ᠲᠥᠷᠥ ᠶᠢᠨ | ᠪᠣᠳᠣᠯᠭ᠎ᠠ ᠶᠢᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠬᠤ ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠳᠤᠭᠤᠷᠢᠨ ᠢ ᠪᠤᠢ ᠪᠤᠯᠭᠠᠬᠤ ᠶᠢᠨ ᠳᠤᠭᠤᠷᠢᠨ ᠳᠤ᠂ | ᠵᠠᠰᠠᠭ ᠠᠵᠤ ᠠᠬᠤᠶᠢᠯᠠᠯ ᠤᠨ ᠪᠠᠶᠢᠩᠭᠤ ᠬᠠᠷᠢᠯᠴᠠᠬᠤ ᠶᠢ ᠴᠢᠩᠭᠠᠳᠬᠠᠬᠤ᠂ ︽ᠪᠠᠭᠴᠠᠯᠠᠭᠰᠠᠨ︾ ᠦᠢᠯᠡᠴᠢᠯᠡᠭᠡᠨ ᠤ ᠲᠦᠷᠦᠯ ᠵᠦᠢᠯ ᠤᠨ ᠠᠵᠢᠯ ᠤᠨ | ᠲᠣᠭᠲᠠᠴᠠ ᠶᠢ ᠬᠡᠷᠡᠭᠵᠢᠭᠦᠯᠬᠦ᠂ ︽ᠳᠥᠷᠪᠡ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠬᠦ ︵ᠮᠠᠲ᠋ᠧᠷᠢᠶᠠᠯ ᠢ ᠪᠠᠭᠠᠰᠬᠠᠬᠤ᠂ | ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ᠂ ᠬᠦᠶᠦᠬᠦ ᠶᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ︶᠂ ᠴᠢᠳᠠᠪᠤᠷᠢᠲᠠᠨ ᠤ ᠪᠠᠲᠤᠯᠠᠭ᠎ᠠ ᠪᠠ | ᠠᠵᠢᠯᠴᠢᠨ ᠬᠡᠷᠡᠭᠯᠡᠬᠦ ᠦᠢᠯᠡᠴᠢᠯᠡᠭᠡ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠠᠵᠤ ᠠᠬᠤᠶᠢᠯᠠᠯ ᠤᠨ ᠠᠰᠢᠭ ᠬᠦᠷᠳᠡᠬᠦ ᠲᠦᠷᠦ ᠶᠢᠨ ᠪᠣᠳᠣᠯᠭ᠎ᠠ ᠶᠢ ᠤᠨᠢᠨ | ᠳᠡᠭᠡᠷ᠎ᠡ ᠨᠢ ᠬᠦᠷᠭᠡᠬᠦ᠂ ᠰᠠᠶᠢᠰᠢᠶᠠᠨ ᠬᠦᠬᠢᠬᠦᠯᠬᠦ ᠶᠢ ᠴᠢᠩᠭᠠᠳᠬᠠᠬᠤ᠂ ᠠᠵᠤ ᠠᠬᠤᠶᠢᠯᠠᠯ ᠳᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠲᠤᠬᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠵᠡᠷᠭᠡ 12 ᠵᠤᠷᠪᠤᠰ ᠪᠣᠳᠠᠲᠠᠢ ᠡᠭᠦᠷᠭᠡ ᠶᠢ ᠳᠤᠷᠠᠳᠴᠤ᠂ ᠳᠦᠷᠢᠮ ᠲᠣᠭᠲᠠᠴᠠ ᠶᠢ | ᠳᠡᠭᠦᠯᠳᠡᠷᠵᠢᠬᠦᠯᠦᠨ᠂ ᠪᠠᠭᠤᠷᠠᠢ ᠭᠤᠭᠴᠤᠭ᠎ᠠ ᠪᠠᠨ ᠬᠦᠴᠦᠷᠭᠡᠭᠵᠢᠬᠦᠯᠵᠦ᠂ ᠡᠳᠦᠷ ᠲᠤᠳᠤᠮ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | 3. ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠳᠦᠪᠯᠡᠷᠡᠬᠦᠯᠦᠨ᠂ ︽ᠲᠡᠷᠡ ᠬᠡᠪ ᠢᠶᠠᠷ ᠨᠢ ᠳᠡᠯᠭᠡᠷᠡᠭᠦᠯᠬᠦ︾ ᠠᠵᠢᠯᠯᠠᠭ᠎ᠠ ᠶᠢ | ᠥᠷᠨᠢᠭᠦᠯᠦᠨ᠎ᠡ᠃ ᠡᠭᠦᠨ ᠳᠤ ᠭᠤᠣᠯᠳᠠᠭᠤ ᠡᠯ᠎ᠡ ᠳᠦᠷᠦᠯ ᠤᠨ ᠲᠤᠷᠰᠢᠯᠲᠠ ᠬᠢᠬᠦ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ᠂ | ᠢᠳᠡᠪᠬᠢᠲᠡᠢ ᠪᠠᠷ ᠬᠠᠶᠢᠨ ᠰᠦᠪᠡᠭᠴᠢᠯᠡᠨ ᠰᠢᠨ᠎ᠡ ᠶᠢ ᠡᠭᠦᠳᠴᠦ᠂ ︽ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠤᠨ ᠤᠷᠢᠳᠴᠢᠯᠠᠨ ᠭᠠᠵᠠᠷ ᠰᠣᠩᠭᠤᠬᠤ︾ ᠢ | ᠬᠡᠷᠡᠭᠵᠢᠬᠦᠯᠬᠦ᠂ ᠭᠡᠷᠡᠯ ᠴᠡᠨᠡᠭ ᠤᠨ ᠠᠵᠤ ᠦᠢᠯᠡᠰ ᠢ ︽ᠬᠦᠷᠢᠶᠡᠯᠡᠩ ᠲᠣᠭᠤᠷᠢᠭᠵᠢᠭᠤᠯᠬᠤ︾ ᠬᠠᠮᠢᠶᠠᠷᠤᠯᠲᠠ ᠶᠢ ᠳᠡᠯᠭᠡᠷᠡᠬᠦᠯᠬᠦ᠂ ᠬᠥᠳᠡᠭᠡ ᠲᠣᠰᠬᠤᠨ ᠤ | ᠦᠮᠴᠢᠯᠡᠯ ᠤᠨ ᠡᠷᠬᠡ ᠶᠢᠨ ᠳᠦᠷᠢᠮ ᠬᠢᠭᠡᠳ ᠠᠷᠠᠯᠵᠢᠶ᠋ᠯᠠᠠᠬᠤ ᠳᠦᠷᠢᠮ ᠤᠨ ᠥᠭᠡᠷᠡᠴᠢᠯᠡᠯᠲᠡ ᠶᠢ ᠳᠡᠯᠭᠡᠷᠡᠬᠦᠯᠬᠦ᠂ ᠬᠠᠤᠯᠢ ᠴᠠᠭᠠᠵᠠ ᠪᠠᠷ ᠦᠨ᠎ᠡ ᠬᠠᠶᠠᠵᠤ | ᠬᠤᠳᠠᠯᠳᠤᠬᠤ ᠶᠢ ᠰᠢᠨᠡᠴᠢᠯᠡᠬᠦ ᠵᠡᠷᠭᠡ4 ᠪᠣᠳᠠᠲᠠᠢ ᠶᠢ ᠳᠤᠷᠠᠳᠴᠤ᠂ ᠡᠯ᠎ᠡ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠠᠵᠢᠯᠯᠠᠭ᠎ᠠ ᠠᠪᠴᠦ᠂ | ᠢᠳᠡᠪᠬᠢᠲᠡᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠬᠦᠳᠬᠦ ᠶᠢ ᠵᠤᠷᠢᠭᠵᠢᠭᠤᠯᠵᠤ᠂ ᠨᠢᠭᠡ ᠪᠦᠯᠦᠭ《 ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ》 | ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠬᠦᠴᠦᠯᠡᠨ ᠪᠦᠷᠢᠯᠳᠦᠭᠦᠯᠦᠨ᠎ᠡ᠃ | | | |