ᠲᠠᠯᠠᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠳᠤᠬᠠᠢ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/11/22
     ᠨᠢᠭᠡ᠂ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ    《ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ》 ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠵᠦ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ᠂ ᠲᠠᠷᠢᠶᠠᠯᠠᠩ ᠤᠨ ᠪᠤᠬᠢᠷᠳᠤᠯ ᠤᠨ ᠡᠬᠢ ᠢ ᠰᠡᠷᠭᠡᠶᠢᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠠᠲ᠋ᠧᠷᠢᠶᠠᠯ ᠢ ᠪᠣᠷᠣᠯᠠᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ᠂ ᠲᠠᠷᠢᠶᠠᠯᠠᠩ ᠤᠨ ᠮᠠᠰᠢᠨ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠶᠢᠨ ᠳᠦᠯᠦᠭᠡ᠂ ᠮᠠᠨ ᠤ ᠬᠤᠰᠢᠭᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ  ᠦᠷᠨᠢᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠤᠭᠳᠠᠯᠴᠠᠭ᠎ᠠ ᠶᠢ ᠡᠭᠦᠳᠦᠨ ᠪᠠᠶᠢᠭᠤᠯᠤᠨ᠎ᠠ᠃     ᠬᠤᠶᠠᠷ᠂ ︽ᠲᠥᠰᠥᠯ︾  ᠤᠨ ᠭᠤᠤᠯ ᠬᠠᠷᠠᠯᠳᠠ     ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠤᠭᠳᠠᠯᠴᠠᠭ᠎ᠠ ᠳᠤ ᠲᠦᠰᠢᠭᠯᠡᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠨᠢᠭᠡᠳᠦᠯᠲᠡᠢ ᠡᠮᠬᠢᠯᠡᠨ ᠨᠡᠶᠢᠯᠡᠭᠦᠯᠵᠦ᠂ ᠪᠥᠬᠦ ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠦᠭᠵᠢᠭᠦᠯᠦᠨ᠂ 3 ︱ 5 ᠵᠢᠯ ᠤᠨ ᠴᠢᠷᠮᠠᠶᠢᠯᠭ᠎ᠠ ᠪᠠᠷ ᠳᠡᠮᠵᠢᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠨᠢ ᠵᠦᠢ ᠵᠣᠬᠢᠰᠲᠠᠢ᠂ ᠳᠤᠰᠬᠠᠶᠢᠵᠢᠭᠰᠠᠨ ᠬᠢᠷᠢ ᠳᠦᠪᠰᠢᠨ ᠨᠢ ᠥᠨᠳᠥᠷ᠂ ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ᠂ ᠦᠢᠯᠡᠴᠢᠯᠡᠭᠡᠨ ᠤ ᠠᠵᠢᠯᠯᠠᠭ᠎ᠠ ᠨᠢ ᠵᠢᠷᠤᠮᠵᠢᠯ ᠲᠠᠢ᠂ ᠪᠥᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠤᠭᠰᠠᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠭᠤᠷᠪᠠ᠂ ︽ᠲᠥᠰᠥᠯ︾ ᠤᠨ ᠭᠤᠤᠯᠳᠠᠯᠭ᠎ᠠ ᠲᠠᠢ ᠠᠵᠢᠯ      ︵ᠨᠢᠭᠡ︶ ᠪᠥᠬᠦ ᠣᠷᠣᠨ ᠪᠦᠰᠠ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠤᠭᠳᠠᠯᠴᠠᠭ᠎ᠠ ᠶᠢ ᠪᠠᠶᠢᠭᠤᠯᠤᠨ᠎ᠠ      1. ᠲᠠᠷᠢᠮᠠᠯ ᠤᠨ ᠦᠢᠯᠡᠰ ᠤᠨ ᠨᠡᠶᠢᠭᠡᠮᠴᠢᠯᠡᠭᠰᠡᠨ ᠦᠢᠯᠡᠴᠢᠯᠡᠭᠡ ᠳᠤ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠮᠡᠷᠭᠡᠵᠢᠯ ︵ᠬᠥᠷᠥᠰᠥ ᠰᠢᠷᠣᠢ ᠶᠢ ᠬᠡᠮᠵᠢᠨ ᠪᠣᠷᠳᠣᠭᠤᠷ ᠲᠣᠬᠢᠷᠠᠭᠤᠯᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠵᠢᠷᠯᠢᠭ ᠭᠠᠵᠠᠷ ᠢ ᠵᠠᠰᠠᠬᠤ᠂ ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠮᠡᠷᠭᠡᠵᠢᠯ ᠤᠨ ᠪᠣᠯᠪᠠᠰᠤᠷᠠᠭᠤᠯᠤᠯ︶᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠢᠵᠢ ᠪᠦᠷᠢᠳᠦᠭᠦᠯᠦᠭᠰᠡᠨ ᠦᠢᠯᠡᠴᠢᠯᠡᠭᠡ ᠵᠢᠴᠢ ᠦᠷ᠎ᠡ᠂ ᠬᠢᠮᠢ ᠶᠢᠨ ᠪᠣᠷᠳᠣᠭᠤᠷ᠂ ᠲᠡᠵᠢᠭᠡᠯ ᠪᠣᠷᠳᠤᠭ᠎ᠠ᠂ ᠠᠮᠢᠳᠤ ᠪᠣᠳᠠᠰ ᠤᠨ ᠪᠣᠷᠳᠣᠭᠤᠷ᠂ ᠲᠠᠷᠢᠶᠠᠨ ᠡᠮ᠂ ᠮᠠᠯ ᠤᠨ ᠡᠮ ᠤᠨ ᠬᠠᠩᠭᠠᠯᠭ᠎ᠠ ᠵᠡᠷᠭᠡ ᠪᠠᠭᠳᠠᠨ᠎ᠠ᠃      2. ᠲᠡᠵᠢᠭᠡᠨ ᠦᠷᠡᠵᠢᠭᠦᠯᠬᠦ ᠦᠢᠯᠡᠰ ᠤᠨ ᠨᠡᠶᠢᠭᠡᠮᠴᠢᠯᠡᠭᠰᠡᠨ‌ᠦᠢᠯᠡᠴᠢᠯᠡᠭᠡ ᠳᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠲᠡᠵᠢᠭᠡᠨ ᠦᠷᠡᠵᠢᠭᠦᠯᠬᠦ ᠢᠵᠢ ᠪᠦᠷᠢᠳᠦᠭᠦᠯᠦᠭᠰᠡᠨ ᠮᠠᠰᠢᠨ ᠮᠧᠬᠠᠨᠢᠭ᠂ ᠲᠡᠵᠢᠭᠡᠨ ᠦᠷᠡᠵᠢᠭᠦᠯᠬᠦ ᠳᠠᠯᠠᠪᠤᠷ ᠭᠠᠵᠠᠷ ᠤᠨ ᠦᠨᠦᠷ ᠢ ᠵᠠᠰᠠᠬᠤ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠵᠠᠭᠠᠷᠯᠠᠬᠤ᠂ ᠠᠮᠢᠲᠠᠨ ᠤ ᠦᠬᠦᠳᠡᠯ᠂ ᠪᠠᠭᠠᠰᠤ ᠰᠢᠭᠡᠰᠦ ᠶᠢ ᠤᠷᠭᠠᠨᠢᠭ ᠪᠤᠷᠳᠤᠭᠤᠷ ᠪᠤᠯᠭᠠᠨ ᠠᠰᠢᠭᠯᠠᠬᠤ ᠵᠡᠷᠭᠡ ᠪᠠᠭᠳᠠᠨ᠎ᠠ᠃      ︵ᠬᠤᠶᠠᠷ︶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ      1. ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ ᠭᠤᠣᠯᠳᠠᠭᠤ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠵᠡᠮᠳᠡᠬᠦ᠂ ᠬᠢᠵᠢᠭ ᠡᠪᠡᠳᠴᠢᠨ ᠢ ᠠᠷᠢᠭᠤᠳᠬᠠᠬᠤ ᠪᠠ ᠤᠰᠠᠳᠬᠠᠬᠤ᠂ ᠬᠢᠵᠢᠭ ᠢ ᠪᠠᠶᠢᠴᠠᠭᠠᠬᠤ ᠵᠢᠴᠢ ᠡᠪᠡᠳᠴᠢᠨ ᠢᠶᠠᠷ ᠦᠬᠦᠭᠰᠡᠨ ᠠᠮᠢᠲᠠᠨ᠂ ᠡᠪᠡᠳᠴᠢᠨ ᠤ ᠬᠥᠨᠥᠭᠡᠯ ᠲᠠᠢ ᠠᠮᠢᠲᠠᠨ ᠤ ᠠᠰᠢᠭ ᠰᠢᠮ᠎ᠡ ᠶᠢ ᠬᠤᠤᠷ ᠦᠭᠡᠶᠢᠳᠡᠭᠦᠯᠦᠨ ᠰᠢᠢᠳᠪᠤᠷᠢᠯᠡᠬᠦ᠂ ᠠᠮᠢᠲᠠᠨ ᠤ ᠬᠢᠵᠢᠭ ᠡᠪᠡᠳᠴᠢᠨ ᠢ ᠣᠨᠣᠰᠢᠯᠠᠨ ᠡᠮᠨᠡᠬᠦ ᠵᠢᠴᠢ ᠮᠠᠯ ᠤᠨ ᠡᠮ ᠤᠨ ᠡᠵᠡᠩᠨᠡᠯᠲᠡ ᠵᠡᠷᠭᠡ ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠶᠢᠨ ᠬᠦᠯᠢᠶᠡᠨ ᠠᠪᠴᠤ ᠪᠣᠯᠬᠤ ᠵᠦᠢᠯᠡᠰ ᠪᠠᠭᠳᠠᠨ᠎ᠠ᠃      2. ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠃ ︽1+9+23︾ ᠶᠢᠨ ᠵᠠᠭᠪᠤᠷ ᠢᠶᠠᠷ᠂ ᠬᠤᠰᠢᠭᠤ ᠲᠠᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 1᠂ ᠰᠤᠮᠤ ᠪᠠᠯᠭᠠᠰᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ 9᠂ ︵ᠤᠤᠯ ᠤᠨ 23 ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠲᠣᠰ ᠲᠣᠰ 1 ᠪᠠᠶᠢᠭᠤᠯᠤᠨ᠎ᠠ︶ ᠭᠠᠴᠠᠭ᠎ᠠ ᠳᠤᠰᠬᠤᠨ ᠤ ᠳᠡᠰ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠠᠰᠤᠭ ᠢ 23ᠡᠭᠦᠳᠦᠨ ᠪᠠᠶᠢᠭᠤᠯᠬᠤ ᠶᠢᠨ ᠬᠠᠮᠳᠤ ᠵᠤᠬᠢᠴᠠᠭᠰᠠᠨ ᠠᠵᠢᠯᠯᠠᠬᠤ ᠳᠠᠠᠯᠪᠤᠷ ᠭᠠᠵᠠᠷ᠂ ᠴᠢᠳᠠᠮᠵᠢ ᠶᠢᠨ ᠣᠷᠣᠨ ᠢ ᠪᠠᠶᠢᠭᠤᠯᠤᠨ ᠪᠠᠭᠠᠵᠢ ᠬᠡᠷᠡᠭᠰᠡᠯ ᠲᠥᠬᠦᠭᠡᠷᠦᠮᠵᠢ ᠢ ᠬᠤᠳᠠᠯᠳᠤᠨ ᠠᠪᠴᠤ ᠳᠤᠬᠢᠷᠠᠭᠤᠯᠤᠨ᠎ᠠ᠃      3. ᠮᠡᠷᠭᠡᠵᠢᠯ ᠤᠨ ᠳᠤᠯᠭᠠᠭᠤᠷᠢᠯᠠᠯ᠃ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠠᠴᠠ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠪᠥᠬᠦ ᠶᠠᠪᠤᠴᠠ ᠪᠠᠷ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠠᠵᠢᠯᠲᠠᠨ ᠢ ᠪᠤᠯᠪᠠᠰᠤᠷᠠᠭᠤᠯᠤᠨ᠂ ᠠᠮᠢᠳᠠᠨ ᠤ ᠬᠢᠵᠢᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠠᠷᠭ᠎ᠠ ᠬᠡᠮᠵᠢᠶ᠎ᠡ ᠪᠠ ᠦᠢᠯᠡᠴᠢᠯᠡᠭᠡᠨ ᠤ ᠪᠠᠷᠢᠮᠵᠢᠶ᠎ᠠ ᠶᠢ ᠳᠤᠭᠳᠠᠭᠠᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠠᠵᠢᠯ ᠢᠶᠠᠨ ᠥᠷᠨᠢᠭᠦᠯᠵᠦ᠂ ᠮᠡᠷᠭᠡᠵᠢᠯ ᠤᠨ ᠠᠷᠭ᠎ᠠ ᠪᠠᠷᠢᠯ᠂ ᠦᠢᠯᠡᠴᠢᠯᠡᠭᠡᠨ ᠤ ᠪᠠᠷᠢᠮᠵᠢᠶ᠎ᠠ ᠶᠢ ᠪᠡᠶᠡᠯᠡᠭᠦᠯᠦᠭᠰᠡᠨ ᠪᠠᠶᠢᠳᠠᠯ ᠢ ᠬᠤᠰᠢᠭᠤᠨ ᠤ ᠬᠢᠵᠢᠭ ᠢ ᠡᠵᠡᠮᠳᠡᠬᠦ ᠲᠥᠪ ᠪᠣᠯᠣᠨ ᠰᠤᠮᠤ ᠪᠠᠯᠭᠠᠰᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠠᠴᠠ ᠱᠠᠭᠠᠷᠳᠠᠨ ᠪᠠᠶᠢᠴᠠᠭᠠᠨ᠎ᠠ᠃    
ᠢᠷᠡᠯᠲᠡ᠄ ᠳᠤᠰ ᠰᠦᠯᠵᠢᠶ᠎ᠠ