ᠬᠠᠯᠳᠠᠪᠤᠷᠢᠯᠠᠭᠳᠠᠬᠤ ᠳᠤ ᠬᠦᠷᠪᠡᠯ ᠬᠤᠶᠠᠷ ᠭᠠᠷᠠᠭ ᠰᠢᠬᠠᠮ ᠬᠢᠴᠢᠶᠡᠯ ᠵᠣᠭᠰᠣᠨ᠎ᠠ︕
ᠨᠡᠶᠢᠲᠡᠯᠡᠭᠰᠡᠨ ᠴᠠᠭ᠄
2023/11/22
      ᠨᠠᠮᠤᠷ ᠡᠪᠦᠯ ᠤᠨ ᠤᠯᠠᠷᠢᠯ ᠪᠣᠯ ᠰᠡᠷᠬᠡᠨᠦᠳ ᠠᠮᠠᠷᠬᠠᠨ ᠳᠡᠯᠭᠡᠷᠡᠬᠦ ᠬᠤᠭᠤᠴᠠᠭ᠎ᠠ ᠪᠤᠯᠤᠨ᠎ᠠ᠃  ᠰᠡᠷᠬᠡᠨᠦᠳ  ᠨᠢ ᠡᠪᠦᠯ ᠬᠠᠪᠤᠷ  ᠤᠨ ᠬᠤᠶᠠᠷ ᠤᠯᠠᠷᠢᠯ ᠳᠤ ᠣᠯᠠᠨ ᠲᠣᠬᠢᠶᠠᠯᠳᠤᠳᠠᠭ᠂ ᠵᠢᠯ ᠪᠦᠷᠢ ᠶᠢᠨ 11 ᠰᠠᠷ᠎ᠠ ᠠᠴᠠ ᠳᠠᠷᠠᠭ᠎ᠠ ᠵᠢᠯ ᠤᠨ 1 ᠰᠠᠷ᠎ᠠ ᠬᠦᠷᠲᠡᠯᠡᠬᠢ ᠬᠤᠭᠤᠴᠠᠭ᠎ᠠ ᠪᠣᠯ ᠰᠡᠷᠬᠡᠨᠦᠳ ᠠᠮᠠᠷᠬᠠᠨ ᠳᠡᠯᠭᠡᠷᠡᠬᠦ ᠬᠤᠭᠤᠴᠠᠭ᠎ᠠ ᠪᠣᠯᠤᠨ᠎ᠠ᠃ ᠰᠡᠷᠬᠡᠨᠦᠳ  ᠨᠢ ᠭᠤᠤᠯᠳᠠᠭᠤ 2 ᠵᠦᠢᠯ ᠤᠨ ᠠᠷᠭ᠎ᠠ ᠵᠠᠮ ᠢᠶᠠᠷ ᠲᠠᠷᠬᠠᠳᠠᠭ᠄ ᠠᠮᠢᠰᠬᠤᠯ ᠤᠨ ᠵᠠᠮ ᠤᠨ ᠰᠢᠯᠦᠰᠦ ᠨᠢᠰᠤ ᠪᠠ ᠰᠢᠭᠤᠳ ᠬᠦᠷᠦᠯᠴᠡᠬᠦ  ᠠᠴᠠ ᠬᠠᠯᠳᠠᠪᠤᠷᠢᠯᠠᠳᠠᠭ᠃ ᠪᠦᠬᠦᠯᠢ 1 ᠨᠠᠰᠤᠨ ᠠᠴᠠ 12 ᠨᠠᠰᠤᠨ ᠤ ᠬᠡᠦᠬᠡᠳ ᠪᠤᠯ ᠴᠥᠮ ᠠᠮᠠᠷᠬᠠᠨ ᠬᠠᠯᠳᠠᠪᠤᠷᠢᠯᠠᠬᠳᠠᠳᠠᠭ ᠬᠦᠮᠦᠰ ᠪᠣᠯᠤᠨ᠎ᠠ᠃ ᠬᠠᠯᠳᠠᠪᠤᠷᠢᠯᠠᠮᠠᠲᠠᠭᠠᠢ ᠡᠪᠡᠳᠴᠢᠲᠡᠨ ᠲᠠᠢ ᠬᠦᠷᠦᠯᠴᠡᠭᠰᠡᠨ ᠤ ᠳᠠᠷᠠᠭ᠎ᠠ ᠪᠠᠷᠤᠭ 90 % ᠨᠢ ᠪᠦᠷ ᠡᠪᠡᠳᠴᠢᠯᠡᠳᠡᠭ᠃ ᠡᠶᠢᠮᠦ ᠠᠴᠠ ᠬᠡᠦᠬᠡᠳ ᠤᠨ ᠴᠡᠴᠡᠷᠯᠢᠭ ᠪᠤᠯᠤᠨ ᠪᠠᠭ᠎ᠠ ᠰᠤᠷᠭᠠᠭᠤᠯᠢ  ᠶᠢᠨ ᠬᠡᠤᠬᠡᠳ  ᠤᠳ ᠮᠠᠰᠢ ᠠᠮᠠᠷᠬᠠᠨ ᠡᠨᠡ ᠬᠦ ᠡᠪᠡᠳᠴᠢᠨ  ᠢ ᠤᠯᠳᠠᠭ ᠪᠠᠶᠢᠨ᠎ᠠ᠃           ᠰᠡᠷᠬᠡᠨᠦᠳ ᠤᠨ ᠨᠢᠭᠤᠭᠳᠠᠮᠠᠯ ᠬᠤᠭᠤᠴᠠᠭ᠎ᠠ ᠨᠢ ᠨᠡᠯᠢᠶᠡᠳ ᠤᠷᠲᠤ᠂ ᠶᠡᠷᠦ ᠳᠡᠭᠡᠨ ᠸᠢᠷᠦ᠋ᠰ ᠲᠠᠢ ᠬᠦᠷᠦᠯᠴᠡᠭᠰᠡᠨ ᠤ ᠳᠠᠷᠠᠭᠠᠬᠢ 14  ᠠᠴᠠ 16 ᠡᠳᠦᠷ  ᠤᠨ ᠲᠤᠳᠤᠷ᠎ᠠ ᠢᠯᠡᠷᠡᠳᠡᠭ᠃ ᠬᠡᠰᠡᠭ ᠡᠪᠡᠳᠴᠢᠲᠡᠨ ᠡᠷᠡᠭᠦᠯᠵᠢᠭᠰᠡᠨ ᠤ ᠳᠠᠷᠠᠭ᠎ᠠ ᠴᠤ ᠪᠡᠶ᠎ᠡ ᠳᠣᠲᠣᠷ᠎ᠠ  ᠨᠢ ᠸᠢᠷᠦ᠋ᠰ ᠨᠢᠭᠤᠭᠳᠠᠵᠤ ᠮᠡᠳᠡᠬᠦ ᠪᠥᠭᠡᠳ ᠬᠤᠵᠢᠮ ᠡᠭᠡᠯᠢᠯᠡᠭᠡ ᠶᠢᠨ ᠴᠢᠳᠠᠪᠤᠷᠢ ᠮᠠᠭᠤᠳᠠᠬᠤ ᠦᠶ᠎ᠡ ᠳᠤ ᠳᠠᠬᠢᠨ ᠬᠥᠳᠡᠯᠵᠦ᠂ ᠪᠦᠰᠡᠯᠢᠭ ᠴᠥᠪᠥᠷᠢᠭᠦᠲᠦ ᠡᠰᠡᠷᠭᠡᠨ᠎ᠡ ᠭᠠᠷᠴᠤ ᠮᠡᠳᠡᠨ᠎ᠡ᠂ ᠡᠭᠦᠨ ᠢ ᠶᠡᠷᠦ ᠳᠡᠭᠡᠨ ︽ᠮᠣᠭᠠᠶ ᠢᠯᠢᠳᠦ︾ ᠭᠡᠳᠡᠭ᠃            ᠬᠡᠦᠬᠡᠳ  ᠲᠤ ᠰᠡᠷᠬᠡᠨᠦᠳ ᠬᠠᠯᠳᠠᠪᠤᠷᠢᠯᠠᠭᠰᠠᠨ ᠤ ᠳᠠᠷᠠᠭ᠎ᠠ᠂ ᠬᠦᠨᠳᠦ ᠨᠣᠴᠢᠲᠠᠶ ᠡᠪᠡᠳᠴᠢᠳᠡᠨ  ᠳᠤᠨᠢ ᠠᠭᠤᠰᠬᠢᠨ ᠦᠷᠪᠢᠰᠦᠯ ᠪᠠ ᠲᠠᠷᠢᠬᠢᠨ ᠦᠷᠪᠢᠰᠦᠯ ᠳᠠᠪᠬᠤᠴᠠᠵᠤ ᠮᠡᠳᠡᠨ᠎ᠡ᠂ ᠵᠠᠷᠢᠮ ᠦᠶ᠎ᠡ ᠳᠤ ᠡᠭᠦᠷᠢᠳᠡ ᠶᠢᠨ ᠠᠷᠬᠠᠭ ᠬᠡᠮ ᠦᠯᠡᠳᠡᠬᠦ ᠪᠤᠶᠤ ᠦᠬᠦᠯ  ᠳᠤ ᠬᠦᠷᠦᠬᠦᠯᠳᠡᠭ᠃         ᠬᠡᠦᠬᠡᠳ ᠠᠪᠬᠤ ᠰᠠᠨᠠᠭ᠎ᠠ ᠲᠠᠢ ᠪᠦᠰᠡᠬᠦᠶᠢᠴᠤᠳ ᠬᠡᠷᠪᠡ ᠰᠡᠷᠬᠡᠨᠦᠳ ᠣᠯᠵᠤ ᠥᠩᠭᠡᠷᠡᠭᠰᠡᠨ ᠦᠭᠡᠢ ᠪᠣᠯ᠂ ᠠᠳᠠᠭ ᠲᠤ ᠪᠠᠨ ᠵᠢᠷᠮᠦᠰᠦᠯᠡᠬᠦ  ᠠᠴᠠ  ᠪᠠᠨ 3 ᠰᠠᠷ᠎ᠠ ᠶᠢᠨ ᠡᠮᠦᠨ᠎ᠡ ᠰᠡᠷᠬᠡᠨᠦᠳ  ᠤᠨ ᠲᠠᠷᠢᠯᠭ᠎ᠠ ᠲᠠᠷᠢᠬᠤ ᠬᠡᠷᠡᠭᠲᠡᠶ᠃
ᠢᠷᠡᠯᠲᠡ᠄ ᠠᠷᠠᠳ ᠤᠨ ᠰᠦᠯᠵᠢᠶ᠎ᠡ