ᠳᠠᠯᠠᠳ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/28
       ᠡᠨᠡ ᠵᠢᠯ ᠠᠴᠠ ᠨᠠᠭᠠᠰᠢ᠂ ᠳᠠᠯᠠᠳ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠨᠢᠭᠡᠳᠦᠭᠡᠷ ᠨᠤᠮᠧᠷᠲᠦ ᠢᠨᠵᠧᠨᠧᠷᠢᠩ ᠢ ᠥᠨᠳᠥᠷ ᠳᠥᠪᠰᠢᠨ ᠳᠤ ᠠᠬᠢᠭᠤᠯᠵᠤ᠂ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠤᠯᠲᠠ ᠶᠢᠨ ᠬᠡᠮᠵᠢᠶ᠎ᠡ ᠪᠠᠷ ᠶᠡᠭᠡ᠂ ᠨᠥᠯᠥᠭᠡᠯᠡᠨ ᠳᠠᠶᠢᠴᠢᠯᠠᠬᠤ ᠪᠠᠷ ᠴᠢᠩᠭ᠎ᠠ᠂ ᠨᠡᠶᠢᠬᠡᠮ ᠤᠨ ᠦᠷ᠎ᠡ ᠠᠰᠢᠭ ᠢᠶᠠᠷ ᠰᠠᠶᠢᠨ ᠨᠢᠭᠡ ᠪᠦᠯᠦᠭ ᠲᠥᠷᠥᠯ ᠵᠦᠢᠯ ᠤᠷᠤᠭᠰᠢᠲᠠᠢ ᠪᠠᠷ ᠬᠡᠷ᠎ᠡ ᠲᠤᠭᠲᠠᠵᠤ᠂ ᠪᠤᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠠᠢ᠃ ᠡᠨᠡ ᠬᠦ ᠬᠤᠭᠤᠴᠠᠭᠠᠨ ᠳᠤ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠨᠢ ᠮᠥᠨ ᠬᠦ ᠪᠠᠷᠢᠯᠭ᠎ᠠ ᠶᠢᠨ ᠠᠵᠢᠯ ᠢᠶᠠᠨ ᠱᠠᠯᠠᠪᠳᠠᠨ ᠬᠢᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠬᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃      ᠡᠪᠤᠯ ᠪᠤᠯᠵᠤ ᠠᠭᠠᠷ ᠤᠨ ᠳᠤᠯᠠᠭᠠᠨ ᠳᠤᠷᠤᠭᠰᠢᠯᠠᠭᠰᠠᠨ ᠴᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠨᠥᠯᠥᠭᠡᠯᠡᠭᠰᠡᠨ ᠦᠭᠡᠢ᠃ ᠥᠪᠥᠷ ᠮᠤᠩᠭᠤᠯ ᠤᠨ ᠾᠧᠩ ᠲᠦᠩ ᠭᠡᠷᠡᠯ ᠤᠨ ᠤᠬᠠᠭᠠᠨ ᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠳᠡᠭᠡᠳᠦ ᠲᠡᠰ ᠤᠨ ᠭᠡᠷᠡᠯ  ᠤᠨ ᠤᠬᠠᠭᠠᠨ ᠤ ᠮᠠᠲ᠋ᠧᠷᠢᠶᠠᠯ ᠤᠨ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠬᠦ ᠳᠤ᠂ 200 ᠭᠠᠷᠤᠢ ᠠᠵᠢᠯᠴᠢᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠯ᠎ᠠ᠃ ᠤᠶᠢᠯᠭᠠᠭᠰᠠᠨ ᠢᠶᠠᠷ᠂ ᠲᠤᠰ ᠲᠥᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ15 ᠳ᠋ᠦᠩᠰᠢᠭᠤᠷ ᠲᠦᠭᠦᠷᠢᠭ ᠲᠤ ᠬᠦᠷᠴᠦ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 8.4 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠲᠤᠰᠢᠶᠠᠬᠤ ᠭᠠᠶᠢᠯᠢ ᠨᠢ 2.7 ᠳ᠋ᠦᠩᠰᠢᠭᠤᠷ ᠲᠦᠭᠦᠷᠢᠭ ᠲᠤ ᠬᠦᠷᠴᠦ᠂ ᠦᠢᠯᠡᠳᠬᠦᠨ ᠢ ᠭᠤᠤᠯᠳᠠᠭᠤ ᠬᠠᠭᠠᠰ ᠳᠠᠮᠵᠢᠭᠤᠯᠤᠭᠴᠢ ᠵᠢᠴᠢ ᠮᠡᠳᠡᠭᠡ ᠬᠤᠯᠪᠤᠭᠠᠨ ᠤ ᠬᠦᠷᠢᠶ᠎ᠡ ᠴᠠᠷᠠᠭᠠᠨ ᠳᠤ ᠬᠡᠷᠡᠭᠯᠡᠵᠤ᠂ ᠲᠤᠬᠠᠢ ᠶᠢᠨ ᠭᠠᠵᠠᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠡᠰ ᠳᠡᠪᠰᠢᠬᠦ ᠶᠢ ᠪᠦᠲᠦᠮᠵᠢᠲᠡᠢ ᠪᠠᠷ ᠠᠬᠢᠭᠤᠯᠬᠤ ᠪᠤᠯᠤᠨ᠎ᠠ᠃ ︽11 ᠰᠠᠷ᠎ᠠ ᠶᠢᠨ ᠰᠡᠭᠦᠯᠴᠢ ᠪᠠᠷ ᠠᠩᠬᠠᠨ ᠤ ᠳᠥᠬᠦᠭᠡᠷᠦᠮᠵᠢ ᠪᠠᠨ ᠡᠬᠢᠯᠡᠵᠤ ᠬᠡᠷᠡᠭᠯᠡᠬᠦ ᠪᠠᠷ ᠪᠠᠶᠢᠨ᠎ᠠ᠂ ᠲᠥᠷᠥᠯ ᠵᠦᠢᠯ ᠢ ᠠᠵᠢᠯ ᠡᠬᠢᠯᠡᠭᠦᠯᠦᠭᠰᠡᠨ ᠤ ᠳᠠᠷᠠᠭ᠎ᠠ ᠲᠤᠬᠠᠢ ᠶᠢᠨ ᠭᠠᠵᠠᠷ  ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠳᠡᠭᠦᠯᠳᠡᠷᠵᠢᠭᠦᠯᠦᠨ᠎ᠡ︾ ᠭᠡᠵᠤ ᠥᠪᠥᠷ ᠮᠤᠩᠭᠤᠯ ᠤᠨ ᠾᠧᠩ ᠲᠦᠩ ᠭᠡᠷᠡᠯ ᠤᠨ ᠤᠬᠠᠭᠠᠨ ᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠡᠦ ᠶᠦᠩ ᠴᠧᠩ ᠲᠠᠨᠢᠯᠴᠠᠭᠤᠯᠤᠨ᠎ᠠ᠃      ᠡᠭᠦᠨ ᠲᠠᠢ ᠠᠳᠠᠯᠢ ᠪᠠᠷ᠂ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠪᠠᠶᠢᠭ᠎ᠠ ᠵᠦᠩ ᠰᠢᠦᠸᠠᠨ ᠱᠧᠩ ᠬᠤᠸᠠ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠵᠢᠯ ᠤᠨ4 ᠲᠦᠮᠡᠨ ᠲᠤᠨ ᡂᠢ ᠰᠢᠶᠠᠨ ᠲᠠᠩ ᠴᠦᠨ ᠦᠢᠯᠡᠳᠪᠦᠷᠢᠯᠡᠬᠦ ᠲᠥᠷᠥᠯ ᠵᠦᠢᠯ ᠢ ᠴᠦ ᠶᠠᠭᠠᠷᠠᠯᠲᠠᠢ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠲᠥᠷᠥᠯ ᠵᠦᠢᠯ ᠢ ᠢᠷᠡᠬᠦ ᠵᠢᠯ ᠤᠨ 1 ᠰᠠᠷ᠎ᠠ ᠳᠤ ᠠᠰᠢᠭᠯᠠᠯᠲᠠ ᠳᠤ ᠤᠷᠤᠭᠤᠯᠬᠤ ᠪᠠᠷ ᠪᠤᠢ᠃ ᡂᠢ ᠰᠢᠶᠠᠨ ᠲᠠᠩ ᠴᠦᠨ ᠪᠤᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠰᠢᠬᠢᠷ ᠢ ᠤᠷᠤᠯᠠᠭᠤᠯᠬᠤ ᠪᠦᠲᠦᠭᠡᠭᠳᠡᠭᠦᠨ ᠮᠥᠨ᠂ ᠲᠡᠭᠦᠨ ᠢ ᠤᠮᠳᠠᠭᠠᠨ᠂ ᠪᠤᠤᠪᠤ ᠪᠤᠭᠤᠷᠰᠤᠭ ᠬᠢᠬᠦ ᠵᠡᠷᠭᠡ ᠬᠦᠷᠢᠶ᠎ᠡ ᠬᠡᠪᠴᠢᠶᠡᠨ ᠳᠤ ᠥᠷᠭᠡᠨ ᠢᠶᠠᠷ ᠬᠡᠷᠡᠭᠯᠡᠵᠤ ᠪᠤᠢ᠃ ︽ᠪᠢᠳᠠ ᠲᠤᠬᠠᠢ ᠶᠢᠨ ᠭᠠᠵᠠᠷ ᠤᠨ ᠡᠨᠧᠷᠬᠢ ᠶᠢᠨ ᠳᠠᠪᠠᠭᠤᠯᠢᠭ᠂ ᠠᠭᠤᠷ ᠠᠮᠢᠰᠬᠤᠯ ᠤᠨ ᠳᠠᠪᠠᠭᠤᠯᠢᠭ ᠵᠢᠴᠢ ᠡᠷᠳᠡᠨᠢ ᠰᠢᠰᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠳᠠᠪᠠᠭᠤᠯᠢᠭ ᠢ ᠭᠦᠢᠴᠡᠳ ᠠᠰᠢᠭᠯᠠᠵᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ 5 ᠳ᠋ᠦᠩᠰᠢᠭᠤᠷ ᠲᠦᠭᠦᠷᠢᠭ ᠣᠷᠴᠢᠮ ᠤᠨ ᠦᠢᠯᠡᠳᠬᠦᠨ ᠤ ᠥᠷᠲᠡᠭ ᠢ ᠪᠡᠶᠡᠯᠡᠭᠦᠯᠬᠦ ᠪᠤᠯᠤᠨ᠎ᠠ︾ ᠭᠡᠵᠤ ᠵᠦᠩ ᠰᠢᠦᠸᠠᠨ ᠱᠧᠩ ᠬᠤᠸᠠ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠮᠢᠩ ᠬᠠᠢ ᠶᠠᠷᠢᠨ᠎ᠠ᠃      ᠠᠵᠤ ᠦᠢᠯᠡᠳᠪᠦᠷᠢ ᠲᠤᠭᠲᠠᠭᠤᠨ ᠪᠠᠶᠢᠪᠠᠯ ᠠᠵᠤ ᠠᠬᠤᠢ ᠲᠤᠭᠲᠠᠭᠤᠨ ᠪᠤᠯᠤᠨ᠎ᠠ᠃ ᠡᠨᠡ ᠵᠢᠯ ᠠᠴᠠ ᠨᠠᠭᠠᠰᠢ᠂ ᠳᠠᠯᠠᠳ ᠬᠤᠰᠢᠭᠤ ︽ᠨᠠᠢᠮᠠᠨ ᠶᠡᠭᠡ ᠪᠦᠲᠦᠭᠡᠨ ᠪᠠᠶᠢᠭᠤᠯᠤᠯᠲᠠ︾ ᠶᠢᠨ ᠲᠤᠭᠤᠷᠢᠨ ᠳᠤ ︽ᠳᠤᠯᠤᠭᠠᠨ ᠶᠡᠭᠡ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠤ᠂ ᠠᠵᠤ ᠦᠢᠯᠡᠰ ᠤᠨ ᠤᠳᠠᠭ᠎ᠠ ᠳᠠᠷᠠᠭᠠᠯᠠᠨ ᠲᠡᠰ ᠳᠡᠪᠰᠢᠬᠦ ᠶᠢ ᠠᠬᠢᠭᠤᠯᠤᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠳᠤ ᠤᠯᠠᠨ ᠲᠠᠯ᠎ᠠ ᠪᠠᠷ ᠬᠦᠴᠦᠯᠡᠵᠤ᠂ ᠶᠠᠰᠤ ᠴᠢᠨᠠᠷ ᠢᠶᠠᠷ ᠰᠢᠯᠢᠳᠡᠭ᠂ ᠳᠠᠶᠢᠴᠢᠯᠠᠯᠲᠠ ᠪᠠᠷ ᠴᠢᠩᠭ᠎ᠠ ᠰᠠᠶᠢᠨ ᠲᠥᠷᠥᠯ ᠵᠦᠢᠯ᠂ ᠲᠤᠮᠤ ᠲᠥᠷᠥᠯ ᠵᠦᠢᠯ ᠤᠳ ᠢ ᠵᠠᠯᠭᠠᠭ᠎ᠠ ᠪᠠᠷ ᠪᠤᠳᠠᠲᠠᠢ ᠳᠤ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ  ᠢᠶᠠᠨ ᠡᠬᠢᠯᠡᠭᠦᠯᠪᠡ᠃ ᠡᠨᠡ ᠵᠢᠯ ᠳᠠᠯᠠᠳ ᠬᠤᠰᠢᠭᠤ138 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠤ᠂135 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠨ᠂ ᠠᠵᠢᠯ ᠢᠶᠠᠨ ᠡᠬᠢᠯᠡᠭᠦᠯᠦᠭᠰᠡᠨ ᠨᠤᠷᠮ᠎ᠠ ᠨᠢ 100% ᠳᠤ ᠬᠦᠷᠴᠦ᠂ ᠡᠳᠡᠭᠡᠷ ᠲᠥᠷᠥᠯ ᠵᠦᠢᠯ ᠨᠢ ᠰᠢᠨ᠎ᠡ ᠡᠨᠧᠷᠬᠢ᠂ ᠦᠢᠯᠡᠳᠬᠦ ᠦᠢᠯᠡᠰ᠂ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠳᠤ ᠬᠤᠯᠪᠤᠭᠳᠠᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠪᠡᠯᠡ  ᠤᠷᠤᠭᠤᠯᠤᠯᠲᠠ ᠶᠢᠨ ᠶᠡᠷᠦᠩᠬᠡᠢ ᠬᠡᠮᠵᠢᠶ᠎ᠡ ᠵᠡᠷᠭᠡ ︽ᠭᠤᠷᠪᠠᠨ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠬᠦ︾ ᠰᠢᠨ᠎ᠡ ᠪᠠᠶᠢᠳᠠᠯ ᠢ ᠡᠭᠦᠳᠴᠦ᠂ ᠪᠦᠬᠦ ᠬᠤᠰᠢᠭᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠪᠦᠲᠦᠮᠵᠢᠲᠡᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠪᠤᠬᠢᠷᠳᠤᠯ ᠦᠭᠡᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ ᠪᠠᠶᠢᠨ᠎ᠠ᠃ 
ᠢᠷᠡᠯᠲᠡ᠄ ᠤᠷᠳᠤᠰ ᠮᠤᠩᠭᠤᠯ ᠰᠦᠯᠵᠢᠶ᠎ᠡ