ᠨᠢᠭᠡ᠂ ᠲᠥᠰᠥᠯ ᠢ ᠨᠡᠶᠢᠲᠡᠯᠡᠭᠰᠡᠨ ᠠᠬᠤᠢ ᠪᠠᠶᠢᠳᠠᠯ ᠪᠠ ᠴᠢᠬᠤᠯᠠ ᠴᠢᠨᠠᠷ | ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠤᠰᠤ ᠲᠠᠲᠠᠵᠤ ᠬᠡᠷᠡᠭᠯᠡᠬᠦ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ ᠡᠯ᠎ᠡ ᠲᠥᠷᠥᠯ ᠤᠨ ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠨᠠᠯᠲᠠ ᠲᠠᠯᠪᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠤᠰᠤᠨ ᠤ | ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠪᠦᠲᠦᠮᠵᠢᠲᠡᠶ ᠪᠠᠷ ᠠᠷᠪᠢᠯᠠᠨ ᠬᠠᠮᠠᠭᠠᠯᠠᠬᠤ ᠶᠢ ᠠᠬᠢᠭᠤᠯᠬᠤ ᠶᠢᠨ ᠳᠦᠯᠦᠭᠡ᠂ ᠮᠠᠨ ᠤ ᠬᠤᠰᠢᠭᠤᠨ ᠤ ᠪᠣᠳᠠᠲᠠᠢ ᠲᠠᠢ | ᠤᠶᠠᠯᠳᠤᠭᠤᠯᠤᠨ᠂ 2023 ᠣᠨ ᠤ 8 ᠰᠠᠷ᠎ᠠ ᠶᠢᠨ 8 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠳᠠᠯᠠᠳ ᠬᠤᠰᠢᠭᠤᠨ ᠤ ᠤᠰᠤᠨ ᠤ | ᠡᠬᠢ ᠪᠠᠶᠠᠯᠢᠭ ᠳᠤ ᠬᠢᠨᠠᠯᠲᠠ ᠲᠠᠯᠪᠢᠵᠦ ᠬᠠᠮᠢᠶᠠᠷᠤᠯᠲᠠ ᠬᠢᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠳᠠᠷᠬᠠᠭᠠᠪᠠ᠃ | ᠬᠤᠶᠠᠷ᠂ ᠲᠥᠰᠥᠯ ᠢ ᠨᠡᠶᠢᠲᠡᠯᠡᠭᠰᠡᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ | ᠭᠤᠣᠯ ᠤᠨ ᠬᠠᠮᠠᠭᠠᠯᠠᠯᠲᠠ ᠶᠢᠨ ᠬᠠᠤᠯᠢ︾ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ | ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠳᠤ | ᠰᠠᠭᠤᠷᠢᠯᠠᠨ᠂ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠦᠬᠦᠪᠦᠷᠢᠯᠡᠬᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠬᠤ︾ ᠶᠡᠷᠦᠩᠬᠡᠢ ᠬᠥᠭ ᠠᠶᠠᠰ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ | ᠦᠢᠯᠡᠳᠦᠯᠭᠡᠵᠢᠭᠦᠯᠦᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠵᠢᠷᠤᠮᠵᠢᠭᠤᠯᠤᠨ ᠪᠠᠶᠢᠭᠤᠯᠬᠤ ᠬᠠᠷᠠᠯᠲᠠ ᠶᠢ ᠪᠡᠶᠡᠯᠡᠭᠦᠯᠵᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠮᠠᠨ ᠤ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ᠂ | ᠲᠣᠰ ︽ᠲᠥᠰᠥᠯ︾ ᠢ ᠨᠡᠶᠢᠳᠡᠯᠡᠪᠡ᠃ | ᠭᠤᠷᠪᠠ᠂ ᠲᠥᠰᠥᠯ ᠢ ᠨᠡᠶᠢᠲᠡᠯᠡᠭᠰᠡᠨ ᠵᠣᠷᠢᠯᠭ᠎ᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ | ᠡᠮᠬᠢ ᠳᠢᠭᠯᠢᠮ ᠢ ᠵᠢᠷᠤᠮᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠪᠠ ᠬᠦᠴᠦᠯᠡᠴᠡ ᠬᠤᠶᠠᠷ ᠢ ᠡᠵᠡᠮᠳᠡᠬᠦ ᠶᠢ ᠬᠡᠷᠡᠭᠵᠢᠭᠦᠯᠵᠦ᠂ ᠤᠰᠤ ᠶᠢ ᠠᠷᠪᠢᠯᠠᠵᠤ ᠡᠵᠡᠮᠳᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠤᠰᠤᠨ ᠤ ᠡᠬᠢ | ᠪᠠᠶᠠᠯᠢᠭ ᠢ ᠬᠠᠮᠤᠭ ᠤᠨ ᠶᠡᠭᠡ ᠤᠶᠠᠨ ᠬᠠᠳᠠᠨ ᠴᠢᠨᠠᠷᠳᠠᠢ ᠬᠢᠵᠠᠭᠠᠷᠯᠠᠯ ᠪᠣᠯᠭᠠᠵᠤ᠂ ᠤᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠨ ᠰᠠᠶᠢᠲᠤᠷ ᠬᠠᠮᠢᠶᠠᠷᠴᠤ᠂ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ | ᠲᠠᠯ᠎ᠠ ᠪᠠᠷ ᠪᠠᠬᠢᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠬᠦᠯᠵᠦ᠂ | ᠤᠰᠤᠨ ᠤ ᠡᠬᠢ ᠪᠠᠶᠠᠯᠢᠭ ᠳᠤ ᠬᠢᠨᠠᠯᠲᠠ ᠲᠠᠯᠪᠢᠬᠤ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠮᠡᠭᠡ ᠵᠠᠩᠭᠢ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠳᠦᠪᠰᠢᠨ ᠢ ᠳᠡᠭᠡᠭᠰᠢᠯᠡᠭᠦᠯᠵᠦ᠂ | ᠪᠠᠶᠢᠭᠤᠯᠤᠮᠵᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠴᠢᠳᠠᠪᠤᠷᠢ ᠪᠠ ᠬᠠᠮᠢᠶᠠᠷᠤᠭᠴᠢ ᠶᠢᠨ ᠳᠦᠪᠰᠢᠨ ᠢ ᠳᠡᠭᠡᠭᠰᠢᠯᠡᠬᠦᠯᠵᠦ᠂ ᠬᠠᠦᠯᠢ ᠶᠢ ᠬᠡᠷᠡᠭᠵᠢᠬᠦᠯᠵᠦ ᠬᠢᠨᠠᠨ ᠬᠠᠮᠢᠶᠠᠷᠬᠤ ᠴᠢᠳᠠᠪᠤᠷᠢ ᠶᠢ ᠶᠡᠬᠡᠪᠡᠷ | ᠳᠡᠭᠡᠭᠰᠢᠯᠡᠬᠦᠯᠬᠦ ᠪᠠᠷ ᠳᠠᠮᠵᠢᠨ᠂ ᠤᠰᠤᠨ ᠤ ᠡᠬᠢ ᠪᠠᠶᠠᠯᠢᠭ ᠤᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ | |