ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ
ᠨᠡᠶᠢᠲᠡᠯᠡᠭᠰᠡᠨ ᠴᠠᠭ᠄
2023/11/29
                                 ᠨᠢᠭᠡ᠂ ᠭᠤᠣᠯ ᠭᠠᠷᠤᠯᠲᠠ ᠶᠢᠨ ᠭᠠᠵᠠᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠳ᠋ᠣᠣ ᠯᠠ ᠦ᠋ ᠵᠢᠶᠠᠨ ᠹᠠᠩ ᠽᠧ ᠲᠣᠰᠬᠤᠨ᠃      ᠬᠤᠶᠠᠷ᠂ ᠶᠠᠰᠤ ᠴᠢᠨᠠᠷ ᠤᠨ ᠣᠨᠴᠠᠯᠢᠭ ᠰᠢᠨᠵᠢ     ᠬᠤᠸᠠᠳᠧ ᠶᠢᠨ ᠬᠠᠷ᠎ᠠ ᠴᠢᠨ᠋ᠸ᠎ᠠ ᠶᠢᠨ ᠬᠠᠷᠮᠠᠭ ᠤᠨ ᠦᠷ᠎ᠡ ᠵᠢᠮᠢᠰ ᠨᠢ ᠪᠥᠮᠪᠥᠭᠡᠯᠢᠭ᠂ ᠡᠮᠬᠢ ᠵᠢᠷᠤᠮ ᠦᠭᠡᠢ ᠦᠷᠴᠢᠯᠡᠭᠡᠰᠦ ᠲᠠᠢ᠂ ᠣᠷᠣᠢ ᠳᠤᠨᠢ ᠴᠡᠴᠡᠭ ᠤᠨ ᠪᠠᠭᠠᠨ᠎ᠠ ᠶᠢᠨ ᠣᠷᠣᠮ ᠲᠠᠢ᠂ ᠵᠠᠷᠢᠮ ᠳᠠᠭᠠᠨ ᠣᠷᠣᠢ ᠳᠤᠨᠢ ᠵᠢᠭᠠᠬᠠᠨ ᠬᠤᠲᠦ᠋ᠢᠵᠤ᠂ ᠪᠦᠬᠦ᠋ᠢᠯᠡ ᠥᠩᠭᠡ ᠨᠢ ᠴᠡᠪᠡᠷ ᠬᠠᠷ᠎ᠠ ᠥᠩᠭᠡ ᠲᠠᠢ᠂ ᠥᠩᠭᠡ ᠭᠢᠯᠪᠠᠭ᠎ᠠ ᠲᠠᠢ᠂ ᠵᠢᠮᠢᠰ ᠤᠨ ᠮᠢᠬ᠎ᠠ ᠨᠢ ᠵᠥᠭᠡᠯᠡᠨ ᠰᠢᠭᠦᠰᠦᠯᠢᠭ᠂ ᠰᠢᠭᠦᠰᠦᠯᠢᠭ ᠵᠢᠮᠢᠰ ᠤᠨ ᠠᠮᠲᠠᠲᠠᠢ᠂ ᠴᠢᠨᠠᠷ ᠨᠢ ᠵᠥᠭᠡᠯᠡᠨ᠂ ᠠᠮᠲᠠ ᠨᠢ ᠰᠢᠬᠢᠷᠯᠢᠭ᠂ ᠵᠥᠭᠡᠯᠡᠨ ᠪᠥᠭᠡᠳ ᠰᠢᠳᠦᠨ ᠳᠤ ᠨᠠᠭᠠᠯᠳᠤᠬᠤ ᠦᠭᠡᠢ᠂ ᠦᠨᠦᠷ ᠠᠮᠲᠠ ᠨᠢ ᠣᠨᠴᠠᠭᠠᠶ ᠪᠠᠶᠢᠳᠠᠭ᠃ ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ ᠤᠨ ᠸᠢᠲ᠋ᠠᠮᠢᠨ C ᠶᠢᠨ ᠠᠭᠤᠯᠤᠭᠳᠠᠴᠠ ᠨᠢ 242mg/100g᠂ ᠺᠠᠯᠼ ᠤᠨ ᠠᠭᠤᠯᠤᠭᠳᠠᠴᠠ ᠨᠢ 183.06mg/100g᠂ ᠲᠡᠮᠦᠷ ᠤᠨ ᠠᠭᠤᠯᠤᠭᠳᠠᠴᠠ ᠨᠢ 24.8mg/100g ᠪᠣᠯᠤᠨ᠎ᠠ᠃ ᠬᠤᠸᠠᠳᠧ ᠶᠢᠨ ᠬᠠᠷ᠎ᠠ ᠴᠢᠨ᠋ᠸ᠎ᠠ ᠶᠢᠨ ᠬᠠᠷᠮᠠᠭ ᠤᠨ ᠰᠢᠮ᠎ᠡ ᠲᠡᠵᠢᠭᠡᠯ ᠤᠨ ᠦᠨ᠎ᠡ ᠥᠷᠲᠡᠭ ᠡᠯᠪᠡᠭ ᠪᠠᠶᠢᠵᠤ᠂ ᠡᠯᠢᠭᠡ ᠶᠢ ᠰᠢᠮᠡᠵᠢᠭᠦᠯᠵᠦ ᠬᠠᠷᠠᠭ᠎ᠠ ᠶᠢ ᠰᠠᠶᠢᠵᠢᠷᠠᠭᠤᠯᠬᠤ᠂ ᠪᠥᠭᠡᠷ᠎ᠡ ᠶᠢ ᠰᠢᠮᠡᠵᠢᠭᠦᠯᠬᠦ᠂ ᠥᠲᠡᠯᠬᠦ ᠶᠢ ᠤᠳᠠᠭᠠᠰᠢᠷᠠᠭᠤᠯᠬᠤ ᠵᠡᠷᠭᠡ ᠦᠢᠯᠡᠳᠦᠯ ᠲᠠᠢ ᠪᠠᠶᠢᠳᠠᠭ᠃      ᠭᠤᠷᠪᠠ᠂ ᠣᠷᠴᠢᠨ ᠲᠣᠭᠤᠷᠢᠨ ᠤ ᠳᠠᠪᠠᠭᠤᠯᠢᠭ      ᠬᠤᠸᠠᠳᠧ ᠰᠢᠶᠠᠨ ᠤᠮᠠᠷᠠᠲᠤ ᠥᠷᠭᠡᠷᠢᠭ ᠤᠨ 41° ᠲᠤ ᠪᠠᠶᠢᠷᠢᠯᠠᠵᠤ᠂ ᠥᠨᠳᠥᠷ ᠠᠭᠤᠯᠠ ᠶᠢᠨ ᠬᠦᠢᠲᠡᠨ ᠰᠡᠷᠢᠭᠦᠨ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠣᠨ ᠳᠤ ᠣᠷᠣᠰᠢᠵᠤ᠂ ᠨᠡᠶᠢᠲᠡᠯᠢᠭ ᠵᠠᠷᠢᠮᠳᠤᠭ ᠭᠠᠩ ᠬᠠᠭᠤᠷᠠᠢ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠤᠮᠳᠠᠴᠢ ᠪᠠᠷ ᠲᠡᠯᠡᠶ ᠶᠢᠨ ᠲᠦᠪᠰᠢᠨ ᠠᠴᠠ 1400m ᠡᠷᠭᠦᠭᠳᠡᠵᠦ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 2.5℃ ᠣᠷᠴᠢᠮ ᠪᠠᠶᠢᠵᠤ᠂ ᠪᠣᠷᠣᠭᠠᠨ ᠬᠠᠯᠠᠭᠤᠨ ᠠᠳᠠᠯᠢ ᠬᠤᠭᠤᠴᠠᠭ᠎ᠠ ᠳᠤ ᠤᠷᠤᠰᠢᠨ᠂ ᠬᠤᠷ᠎ᠠ ᠲᠤᠨᠳᠠᠰᠤ ᠲᠦᠪᠯᠡᠷᠡᠩᠭᠦᠢ᠂ ᠭᠤᠣᠯᠳᠠᠭᠤ 7 ᠰᠠᠷ᠎ᠠ᠂ 8 ᠰᠠᠷ᠎ᠠ᠂ 9 ᠰᠠᠷ᠎ᠠ ᠳᠤ ᠲᠥᠪᠯᠡᠷᠡᠵᠦ ᠪᠠᠶᠢᠳᠠᠭ᠃ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠨᠡᠷᠡᠨ ᠤ ᠲᠤᠰᠤᠯᠲᠠ ᠭᠦᠢᠴᠡᠳ ᠪᠥᠭᠡᠳ ᠴᠠᠭ ᠨᠢ ᠣᠷᠳᠣ᠂ ᠳᠤᠮᠳᠠᠴᠢ ᠪᠠᠷ 10h ᠣᠷᠴᠢᠮ ᠬᠦᠷᠴᠦ᠂ ᠬᠡᠷᠡᠯ ᠤᠨ ᠨᠡᠶᠢᠯᠡᠯᠭᠡ ᠶᠢᠨ ᠦᠢᠯᠡᠳᠦᠯ ᠶᠡᠭᠡ ᠪᠠᠶᠢᠵᠤ᠂ ᠬᠠᠷ᠎ᠠ ᠴᠢᠨ᠋ᠸ᠎ᠠ ᠶᠢᠨ ᠬᠠᠷᠮᠠᠭ ᠤᠨ ᠰᠢᠮ᠎ᠡ ᠲᠡᠵᠢᠭᠡᠯ ᠤᠨ ᠪᠣᠳᠠᠰ ᠢ ᠬᠤᠷᠠᠮᠳᠤᠭᠤᠯᠬᠤ ᠳᠤ ᠠᠰᠢᠭᠲᠠᠢ ᠪᠠᠶᠢᠳᠠᠭ ᠃ ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ ᠤᠨ ᠭᠤᠣᠯ ᠭᠠᠷᠤᠯᠲᠠ ᠶᠢᠨ ᠣᠷᠣᠨ ᠨᠢ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠭᠰᠡᠨ ᠭᠠᠵᠠᠷ ᠪᠣᠯᠣᠨ᠎ᠠ᠂ ᠶᠡᠷᠦᠩᠬᠡᠢ ᠪᠣᠬᠢᠷᠲᠤᠯ ᠤᠨ ᠵᠢᠭᠠᠯᠲᠠ ᠲᠤᠭ᠎ᠠ ᠨᠢ ^ 0.7᠂ ᠠᠷᠢᠭᠤᠨ ᠴᠡᠪᠡᠷ ᠤᠨ ᠳᠡᠰ ᠲᠤ ᠬᠠᠷᠢᠶᠠᠯᠠᠭᠳᠠᠨ᠎ᠠ᠂ ᠬᠥᠷᠥᠰᠥ ᠰᠢᠷᠣᠢ ᠶᠢᠨ ᠥᠩ ᠰᠢᠮ᠎ᠡ ᠶᠢᠨ ᠳᠡᠰ ᠢ Ⅰ ᠳᠡᠰ ᠢᠶᠠᠷ ᠶᠡᠷᠦᠩᠬᠡᠶᠢᠯᠡᠨ ᠲᠣᠭᠲᠠᠭᠠᠵᠤ᠂ ᠣᠨᠴᠠᠭᠠᠢ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠠᠶᠢᠨ ᠨᠥᠬᠦᠴᠡᠯ ᠲᠠᠢ ᠪᠠᠶᠢᠵᠤ᠂ ᠲᠤᠬᠠᠢ ᠶᠢᠨ ᠭᠠᠵᠠᠷ ᠤᠨ ᠴᠢᠨᠠᠷ ᠰᠠᠶᠢᠲᠠᠢ ᠬᠠᠷ᠎ᠠ ᠴᠢᠨ᠋ᠸ᠎ᠠ ᠶᠢᠨ ᠬᠠᠷᠮᠠᠭ ᠦᠢᠯᠡᠳᠪᠦᠷᠢᠯᠡᠬᠦ ᠳᠤ ᠬᠠᠮᠤᠭ ᠤᠨ ᠰᠠᠶᠢᠨ ᠪᠠᠶᠢᠭᠠᠯᠢ ᠶᠢᠨ ᠣᠷᠴᠢᠨ ᠲᠣᠭᠤᠷᠢᠨ ᠢ ᠬᠠᠩᠭᠠᠵᠠᠢ᠃      ᠳᠥᠷᠪᠡ᠂ ᠬᠤᠷᠢᠶᠠᠬᠤ ᠴᠠᠭ     ᠵᠢᠯ ᠪᠦᠷᠢ ᠶᠢᠨ 9 ᠰᠠᠷ᠎ᠠ ᠪᠤᠯ ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ ᠤᠨ ᠬᠤᠷᠢᠶᠠᠯᠳᠠ ᠶᠢᠨ ᠬᠤᠭᠤᠴᠠᠭ᠎ᠠ ᠪᠤᠯᠤᠨ᠎ᠠ᠂ 10 ᠰᠠᠷ᠎ᠠ ᠳᠤ ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ ᠢ ᠬᠤᠷᠢᠶᠠᠬᠤ ᠬᠠᠮᠤᠭ ᠤᠨ ᠰᠠᠶᠢᠨ ᠴᠢᠨᠠᠷ ᠴᠢᠨᠰᠠᠭ᠎ᠠ ᠶᠢᠨ ᠬᠤᠭᠤᠴᠠᠭ᠎ᠠ ᠪᠣᠯᠣᠨ᠎ᠠ᠃      ᠲᠠᠪᠤ᠂ ᠰᠢᠨ᠎ᠡ ᠰᠣᠷᠭᠤᠭ ᠢᠶᠠᠷ ᠬᠠᠳᠠᠭᠠᠯᠠᠬᠤ ᠪᠠ ᠢᠳᠡᠬᠦ ᠠᠷᠭ᠎ᠠ ᠶᠢᠨ ᠲᠠᠨᠢᠯᠴᠠᠭᠤᠯᠭ᠎ᠠ      -4℃ ᠬᠦᠢᠲᠡᠨ ᠢᠶᠠᠷ ᠬᠠᠳᠠᠭᠠᠯᠠᠬᠤ ᠪᠤᠶᠤ ᠰᠦᠯᠢᠶᠥᠦ ᠤᠭᠤᠲᠠᠨ ᠳᠤ ᠬᠤᠭᠤᠰᠤᠨ ᠢᠶᠠᠷ ᠬᠠᠳᠠᠭᠠᠯᠠᠨ᠎ᠠ᠃ ᠬᠤᠸᠠᠳᠧ ᠤᠨ ᠬᠠᠷ᠎ᠠ ᠴᠢᠨ᠋ᠸ᠎ᠠ ᠶᠢᠨ ᠬᠠᠷᠮᠠᠭ ᠢ ᠰᠢᠭᠤᠳ ᠵᠠᠵᠢᠯᠤᠨ ᠢᠳᠡᠵᠦ ᠪᠣᠯᠬᠤ ᠪᠥᠭᠡᠳ ᠪᠦᠯᠢᠶᠡᠨ ᠤᠰᠤᠨ ᠳᠤ ᠳᠡᠪᠲᠦᠭᠡᠵᠦ ᠤᠤᠭᠤᠵᠤ ᠴᠤ ᠪᠣᠯᠣᠨ᠎ᠠ᠃     ᠵᠢᠷᠭᠤᠭ᠎ᠠ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠤᠳᠠᠯᠳᠤᠨ ᠠᠪᠬᠤ      ᠮᠡᠳᠡᠭᠡ ᠵᠠᠩᠭᠢ ᠥᠪᠥᠷ ᠮᠣᠩᠭᠤᠯ ᠤᠨ ᠮᠧᠶ ᠹᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ     ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠳ᠋ᠣᠣ ᠯᠠ ᠦ᠋ ᠵᠢᠶᠠᠨ ᠹᠠᠩ ᠽᠧ ᠲᠣᠰᠬᠤᠨ      ᠬᠠᠷᠢᠯᠴᠠᠬᠤ ᠬᠥᠮᠥᠨ᠄ ᠯᠢ ᠸᠠᠨ ᠴᠧᠩ        ᠬᠠᠷᠢᠯᠴᠠᠬᠤ ᠤᠲᠠᠰᠤ᠄ 15540433078    
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ