ᠲᠦᠷᠦᠭᠦᠦ ᠭᠤᠷᠪᠠᠨ ᠤᠯᠠᠷᠢᠯ ᠳᠤ ᠭᠠᠷᠠᠮ ᠤᠨ ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 8.5%  ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/11/3
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 10 ᠰᠠᠷ᠎ᠠ ᠶᠢᠨ 29  ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠠᠨ ᠰᠢᠨ︶ ᠵᠧᠵᠢᠶᠠᠩ ᠮᠤᠵᠢ ᠶᠢᠨ ᠨᠢᠩᠪᠦ᠋ᠸᠧ ᠬᠤᠳᠠ ᠶᠢᠨ ᠵᠧᠤ ᠱᠠᠨ ᠭᠠᠷᠠᠮ ᠤᠨ ᠪᠠᠷᠠᠭ᠎ᠠ ᠣᠷᠣᠭᠤᠯᠵᠤ  ᠭᠠᠷᠭᠠᠬᠰᠠᠨ ᠬᠡᠮᠵᠢᠶ᠎ᠡ ᠶᠢᠰᠦᠨ ᠰᠠᠷ᠎ᠠ ᠪᠤᠯᠤᠭᠠᠳᠤᠢ ᠪᠠᠷ 10 ᠳ᠋ᠦᠩᠰᠢᠭᠤᠷ ᠲᠣᠨ ᠢ ᠳᠠᠪᠠᠵᠤ᠂  ᠪᠦᠬᠦ ᠳᠡᠯᠡᠬᠡᠶ ᠶᠢᠨ ᠪᠤᠰᠤᠳ ᠭᠤᠤᠯ ᠭᠠᠷᠠᠮ ᠠᠴᠠ ᠲᠦᠷᠦᠭᠦᠯᠡᠪᠡ︔ ᠡᠾᠧᠪᠧᠢ ᠶᠢᠨ ᠭᠠᠷᠠᠮ ᠤᠨ ᠪᠦᠯᠦᠭᠯᠡᠯ ᠤᠨ ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ 6 ᠳ᠋ᠦᠩᠰᠢᠭᠤᠷ ᠲᠣᠨ ᠢ ᠳᠠᠪᠠᠵᠤ᠂ ᠠᠳᠠᠯᠢ ᠬᠤᠭᠤᠴᠠᠭᠠᠨ ᠤ  ᠬᠢ ᠠᠴᠠ ᠪᠠᠨ 8.7% ᠪᠠᠷ  ᠨᠡᠮᠡᠭᠳᠡᠪᠡ᠁ ᠡᠨᠡ ᠵᠢᠯ ᠡᠴᠡ‌ᠨᠠᠭᠠᠰᠢ᠂ ᠮᠠᠨ ᠤ ᠤᠯᠤᠰ ᠤᠨ ᠭᠠᠷᠠᠮ ᠤᠨ  ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠡᠯᠢᠶᠡᠳ ᠥᠨᠳᠥᠷ ᠲᠦᠪᠰᠢᠨ ᠢᠶᠠᠨ ᠪᠠᠳᠤᠯᠠᠵᠠᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠣᠶᠢᠷ᠎ᠠ ᠳᠤ ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠦᠷᠦᠭᠦᠦ ᠭᠤᠷᠪᠠᠨ ᠤᠯᠠᠷᠢᠯ ᠳᠤ᠂  ᠮᠠᠨ ᠤ ᠤᠯᠤᠰ ᠤᠨ ᠭᠠᠷᠠᠮ ᠤᠨ ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ 125.4  ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠪᠡ︔ ᠡᠭᠦᠨ ᠳᠤ ᠭᠤᠷᠪᠠᠳᠤᠭᠠᠷ ᠤᠯᠠᠷᠢᠯ ᠤᠨ ᠨᠡᠮᠡᠭᠳᠡᠯ 9.5% ᠪᠠᠶᠢᠵᠤ᠂ ᠲᠦᠷᠦᠭᠦᠦ ᠬᠠᠭᠠᠰ ᠵᠢᠯ ᠤᠨ ᠬᠢ ᠲᠠᠢ ᠬᠠᠷᠢᠴᠠᠭᠤᠯᠪᠠᠯ 1.5 ᠵᠠᠭᠤᠨ ᠤ ᠬᠤᠪᠢ ᠶᠢᠨ ᠴᠡᠭ ᠲᠦᠷᠭᠡᠳᠴᠡᠢ᠃       ᠲᠦᠷᠭᠡᠨ ᠨᠡᠮᠡᠭᠳᠡᠵᠦ ᠪᠠᠶᠢᠭ᠎ᠠ ᠪᠠᠷᠠᠭ᠎ᠠ ᠣᠷᠣᠭᠤᠯᠵᠤ  ᠭᠠᠷᠭᠠᠬᠰᠠᠨ  ᠬᠡᠮᠵᠢᠶ᠎ᠡ   ᠨᠢ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠬᠡᠷᠡᠭᠴᠡᠭᠡ ᠨᠡᠮᠡᠭᠳᠡᠵᠦ ᠪᠠᠶᠢᠬᠤ᠂ ᠠᠵᠤ ᠠᠬᠤᠶ ᠶᠢᠨ ᠠᠵᠢᠯᠯᠠᠭᠠᠨ ᠤ ᠲᠣᠭᠲᠠᠪᠤᠷᠢᠵᠢᠨ ᠳᠡᠭᠡᠭᠰᠢᠯᠡᠵᠦ ᠪᠠᠶᠢᠭ᠎ᠠ ᠰᠠᠶᠢᠵᠢᠷᠠᠬᠤ ᠬᠠᠨᠳᠤᠰᠢ ᠶᠢ ᠲᠤᠰᠬᠠᠵᠤ᠂ ᠪᠠᠰᠠ ᠮᠠᠨ ᠤ ᠤᠯᠤᠰ ᠤᠨ ᠵᠠᠮ ᠬᠠᠷᠢᠯᠴᠠᠭ᠎ᠠ  ᠲᠡᠭᠡᠭᠡᠪᠦᠷᠢ ᠶᠢᠨ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠲᠣᠭᠲᠠᠭᠤᠨ ᠢᠶᠠᠷ  ᠰᠡᠷᠭᠦᠵᠦ᠂ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠦᠷ᠎ᠡ ᠪᠦᠲᠦᠭᠡᠯ ᠤᠯᠠᠮ ᠨᠢᠭᠡ ᠠᠯᠬᠤᠮ ᠪᠠᠬᠢᠵᠢᠵᠦ ᠪᠠᠶᠢᠭ᠎ᠠ ᠰᠠᠶᠢᠨ ᠰᠠᠶᠢᠬᠠᠨ ᠬᠠᠨᠳᠤᠰᠢ ᠶᠢ ᠢᠯᠡᠷᠡᠭᠦᠯᠪᠡ᠃      ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠮᠠᠨ ᠤ ᠤᠯᠤᠰ ᠤᠨ ᠴᠢᠩᠭᠡᠯᠢᠭ ᠣᠷᠣᠭᠤᠯᠵᠤ ᠭᠠᠷᠭᠠᠬᠰᠠᠨ ᠬᠡᠮᠵᠢᠶ᠎ᠡ 2.3   ᠳ᠋ᠦᠩᠰᠢᠭᠤᠷ ᠪᠠᠷᠢᠮᠵᠢᠶᠠᠲᠤ ᠴᠢᠩᠭᠡᠯᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ 5.2% ᠢᠶᠠᠷ ᠨᠡᠮᠡᠭᠳᠡᠪᠡ︔ ᠡᠭᠦᠨ ᠳᠤ ᠭᠤᠷᠪᠠᠳᠤᠭᠠᠷ  ᠤᠯᠠᠷᠢᠯ ᠳᠤ 5.9%  ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ  ᠬᠠᠭᠠᠰ ᠵᠢᠯ ᠤᠨ ᠬᠢ ᠠᠴᠠ 1 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠠᠴᠠ ᠭᠠᠳᠠᠨ᠎ᠠ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠭᠤᠤᠯ ᠪᠣᠯᠬᠤ ᠪᠥᠭᠡᠮ  ᠲᠠᠸᠠᠷ ᠢ ᠭᠠᠳᠠᠭᠠᠳᠤ ᠠᠴᠠ ᠣᠷᠣᠭᠤᠯᠬᠤ ᠬᠡᠷᠡᠭᠴᠡᠭᠡ ᠴᠢᠩᠭᠠᠷᠠᠵᠤ᠂ ᠲᠡᠮᠦᠷ ᠤᠨ ᠬᠦᠳᠡᠷ᠂ ᠨᠡᠭᠦᠷᠡᠰᠦ᠂ ᠠᠮᠤ ᠪᠤᠳᠠᠭᠠᠨ ᠤ ᠣᠷᠣᠭᠤᠯᠤᠯᠲᠠ ᠨᠡᠶᠢᠲᠡ 13.4 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 18.3%  ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ 37.7 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 10.1% ᠪᠠᠷ ᠨᠡᠮᠡᠭᠳᠡᠪᠡ᠃     
ᠢᠷᠡᠯᠲᠡ᠄ ᠠᠷᠠᠳ ᠤᠨ ᠰᠥᠯᠵᠢᠶ᠎ᠠ