​ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠦ ᠣᠷᠳᠣᠰ︾ ᠪᠥᠬᠦ ᠤᠯᠤᠰ ᠤᠨ ᠦᠵᠡᠬᠦᠯᠬᠡ ᠶᠢᠨ ᠲᠤᠭᠯᠠᠯᠳᠠ ᠳᠤ ᠰᠤᠩᠭᠤᠭᠳᠠᠪᠠ
ᠨᠡᠶᠢᠲᠡᠯᠡᠭᠰᠡᠨ ᠴᠠᠭ᠄
2023/11/3
      ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠣᠷᠳᠣᠰ ᠬᠤᠲᠠ ᠶᠢᠨ ᠰᠣᠶᠣᠯ ᠤᠨ ᠣᠷᠳᠣᠨ ᠠᠴᠠ ᠲᠡᠪᠰᠢᠬᠦᠯᠦᠭᠰᠡᠨ ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠦ ᠣᠷᠳᠣᠰ︾ 10 ᠰᠠᠷ᠎ᠠ ᠶᠢᠨ 28 ᠠᠴᠠ 30 ᠤ ᠡᠳᠦᠷ ᠪᠤᠯᠳᠠᠯ᠎ᠠ ᠭᠦᠢᠵᠧᠤ ᠮᠤᠵᠢ ᠶᠢᠨ ᠭᠦᠢᠶᠠᠩ ᠬᠤᠲᠠ ᠳᠤ ᠶᠠᠪᠤᠭᠳᠠᠬᠰᠠᠨ 2023 ᠣᠨ ᠤ ᠪᠥᠬᠦ ᠤᠯᠤᠰ ᠤᠨ ᠠᠭᠤᠳᠠᠮ ᠲᠠᠯᠠᠪᠠᠶ  ᠶᠢᠨ ᠪᠥᠵᠢᠭ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠴᠤᠭᠯᠠᠭᠠᠨ ᠳᠤ ᠰᠤᠩᠭᠤᠭᠳᠠᠵᠤ᠂ ᠮᠠᠨ ᠤ ᠤᠷᠤᠨ ᠠᠴᠠ ᠰᠤᠩᠭᠤᠭᠳᠠᠭᠰᠠᠨ ᠴᠤᠷ ᠤᠨ ᠭᠠᠭᠴᠠ ᠲᠤᠭᠯᠠᠯᠳᠠ ᠪᠤᠯᠤᠨ᠎ᠠ᠃      ᠠᠭᠤᠳᠠᠮ ᠲᠠᠯᠠᠪᠠᠶ ᠶᠢᠨ ᠪᠥᠵᠢᠭ ︽ᠪᠠᠶᠠᠰᠤᠯᠳᠦ ᠣᠷᠳᠣᠰ︾ ᠢ ᠴᠣ ᠰᠢᠨ᠎ᠡ ᠨᠠᠶᠢᠷᠠᠭᠤᠯᠤᠨ ᠵᠣᠬᠢᠶᠠᠬᠤ ᠣᠶᠢᠯᠠᠭᠠᠭᠳᠠᠬᠤᠨ ᠪᠠ ᠬᠠᠷᠠᠭᠠᠰᠤ ᠠᠴᠠ ᠵᠤᠬᠢᠶᠠᠮᠵᠢᠯᠠᠨ ᠮᠣᠩᠭᠤᠯ ᠪᠥᠵᠢᠭ ᠤᠨ ᠮᠥᠷᠥ᠂ ᠴᠠᠷᠪᠠᠭᠤ᠂ ᠪᠠᠭᠤᠤ ᠶᠢᠨ ᠬᠦᠳᠡᠯᠬᠡᠬᠡᠨ ᠢ ᠤᠷᠠᠨ ᠢᠶᠠᠷ ᠠᠭᠤᠰᠤᠯᠴᠠᠭᠤᠯᠵᠤ᠂ ᠰᠢᠨ᠎ᠡ ᠶᠢ ᠡᠬᠦᠳᠦᠭᠰᠡᠨ ᠮᠦᠷᠳᠡᠬᠡᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠪᠦᠳᠦᠮᠵᠢᠳᠠᠢ ᠢᠯᠡᠷᠡᠭᠦᠯᠪᠡ᠃ ᠪᠦᠵᠢᠭ ᠤᠨ ᠠᠶ᠎ᠠ ᠶᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠤᠯᠬᠤ ᠣᠷᠳᠣᠰ ᠤᠨ ᠪᠤᠭᠤᠨᠢ ᠠᠷᠠᠳ ᠤᠨ ᠳᠠᠭᠤᠤ ᠠᠴᠠ ᠰᠤᠩᠭᠤᠵᠦ᠂ ︽ᠠᠷᠢᠬᠢᠨ ᠳᠠᠭᠤᠤ︾ ᠪᠣᠯᠤᠨ ︽ᠲᠤᠭᠤᠢ ᠮᠠᠯᠠᠭᠠᠢ︾ ᠠᠴᠠ ᠬᠡᠰᠡᠭᠯᠡᠨ ᠨᠠᠶᠢᠷᠠᠭᠤᠯᠤᠭᠰᠠᠨ ᠢᠷᠠᠭᠤ ᠰᠠᠶᠢᠬᠠᠨ ᠠᠶᠢᠵᠠᠮ ᠠᠶᠠᠰ ᠨᠢ ᠪᠥᠵᠢᠭ ᠤᠨ ᠤᠷᠠᠨ ᠨᠠᠬᠢᠯᠤᠯ ᠲᠠᠢ ᠡᠭᠡᠰᠢᠭ ᠨᠡᠶᠢᠯᠡᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ᠣᠷᠳᠣᠰ ᠤᠨ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠨᠢ ᠦᠩᠭᠡ ᠢᠯᠭᠠᠷᠠᠭᠠᠳ᠂ ᠭᠠᠵᠠᠷ ᠣᠷᠣᠨ ᠤ ᠣᠨᠴᠠᠯᠢᠭ ᠢ ᠢᠯᠡᠳᠳᠡ ᠬᠠᠷᠠᠭᠤᠯᠤᠭᠰᠠᠨ ᠪᠠᠶᠢᠨ᠎ᠠ᠃ ︽ᠪᠠᠶᠠᠰᠤᠯᠳᠦ ᠣᠷᠳᠣᠰ︾ ᠤᠨ ᠠᠶᠢᠵᠠᠮ ᠰᠡᠳᠬᠢᠯ ᠬᠦᠭᠰᠡᠬᠦᠯᠵᠦ᠂ ᠣᠷᠳᠣᠰ ᠤᠨ ᠠᠷᠠᠳ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠᠷ ᠮᠡᠷᠡᠶᠢᠨ ᠴᠢᠷᠮᠠᠶᠢᠵᠦ᠂ ᠰᠡᠳᠭᠢᠯ ᠨᠢᠬᠡᠳᠤᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ ᠪᠠᠷ ᠲᠡᠮᠡᠥᠯᠤᠨ ᠤᠷᠤᠭᠰᠢᠯᠠᠵᠦ ᠪᠠᠶᠢᠭ᠎ᠠ ᠡᠷᠴᠢ ᠵᠣᠷᠢᠭ ᠲᠠᠢ ᠦᠭᠡᠳᠡᠷᠬᠡᠭ ᠪᠠᠶᠢᠳᠠᠯ ᠢ ᠲᠤᠰᠬᠠᠪᠠ᠃    
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ