ᠤᠡᠭᠭᠤᠨ ᠲᠠᠯ᠎ᠠ ᠶᠢᠨ ᠡᠯᠡᠰᠤ ᠶᠢ ᠨᠤᠭᠤᠭᠠᠨ ᠢᠶᠠᠷ ︽ᠪᠤᠳᠤᠬᠯᠠᠬᠰᠡᠨ︾ ᠨᠢ
ᠨᠡᠶᠢᠲᠡᠯᠡᠭᠰᠡᠨ ᠴᠠᠭ᠄
2023/11/7
                                  ᠤᠡᠭᠭᠤᠨ ᠲᠠᠯ᠎ᠠ ᠶᠢᠨ ᠡᠯᠡᠰᠤ ᠪᠤᠯ ᠲᠤᠮᠳᠠᠳᠤ ᠤᠯᠤᠰ ᠤᠨ ᠲᠤᠯᠤᠳᠤᠭᠠᠷ ᠶᠡᠭᠡ ᠡᠯᠡᠰᠤᠨ ᠴᠦᠯ — ᠬᠦᠪᠴᠢ ᠶᠢᠨ ᠡᠯᠡᠰᠤᠨ ᠤ ᠵᠡᠭᠦᠨ ᠬᠡᠰᠡᠭ᠂ ᠤᠷᠳᠤᠰ ᠬᠤᠳᠠ ᠶᠢᠨ ᠲᠠᠯᠠᠳ ᠬᠤᠰᠢᠭᠤᠨ ᠤ ᠽᠠᠨᠳᠠᠨᠵᠤᠤ ᠰᠤᠮᠤᠨ ᠳᠤ ᠪᠠᠶᠢᠷᠢᠯᠠᠵᠤ ᠪᠠᠶᠢᠳᠠᠭ᠃ 28 ᠲᠦᠮᠡᠨ ᠮᠦ ᠲᠠᠯᠠᠪᠠᠢ ᠲᠠᠢ ᠤᠡᠭᠭᠤᠨ ᠲᠠᠯ᠎ᠠ ᠶᠢᠨ ᠡᠯᠡᠰᠤ ᠶᠢᠨ 80 % ᠠᠴᠠ ᠲᠡᠭᠡᠭᠰᠢᠬᠢ ᠨᠢ ᠪᠦᠷ ᠨᠡᠭᠦᠳᠡᠯ ᠡᠯᠡᠰᠤ ᠪᠠᠶᠢᠬᠰᠡᠨ ᠶᠤᠮ᠃ ᠤᠷᠴᠢᠮ ᠤᠨ ᠬᠡᠳᠤᠨ ᠵᠢᠯ ︽ᠤᠮᠠᠷᠠᠳᠤ ᠶᠢᠨ ᠭᠤᠷᠪᠡᠨ ᠤᠷᠤᠨ︾ ᠤ ᠭᠤᠤᠯᠳᠠᠯᠭᠠᠳᠤ ᠢᠨᠵᠧᠨᠧᠷᠢᠩ ᠵᠡᠷᠭᠡ ᠶᠢ ᠬᠡᠷᠡᠭᠵᠢᠬᠦᠯᠦᠭᠰᠡᠨ ᠠᠴᠠ ᠤᠢ ᠰᠢᠭᠤᠢ ᠤᠷᠭᠤᠮᠠᠯ ᠤᠨ ᠪᠦᠷᠬᠦᠴᠨ ᠶᠢᠨ ᠨᠤᠷᠮ᠎ᠠ ᠨᠢ 3% ᠬᠦ᠋ᠷᠬᠦ ᠦᠭᠡᠢ ᠪᠠᠶᠢᠬᠰᠡᠨ ᠠᠴᠠ ᠪᠠᠨ 48 % ᠳᠤ ᠬᠦᠷᠦᠭᠰᠡᠨ ᠪᠠᠶᠢᠨ᠎ᠠ᠃ ᠤᠳᠤ ᠡᠨᠡ ᠭᠠᠵᠠᠷ ᠨᠢ AAAA ᠲᠡᠰ ᠤᠨ ᠡᠯᠡᠰᠤᠨ ᠴᠦᠯ ᠤᠨ ᠠᠮᠢ ᠠᠬᠤᠢ ᠶᠢᠨ ᠰᠤᠶᠤᠯ ᠵᠤᠭᠠᠴᠠᠯ ᠤᠨ ᠤᠷᠤᠨ ᠪᠤᠯᠤᠬᠰᠡᠨ ᠮᠦᠷᠳᠡᠭᠡᠨ 2017 ᠤᠨ ᠳᠤ ᠬᠤᠷᠠᠯᠳᠤᠭᠤᠯᠤᠬᠰᠡᠨ ︽ᠤᠯᠡᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠴᠥᠯᠯᠡᠷᠭᠡᠭᠵᠢᠯ ᠢ ᠰᠡᠷᠭᠡᠶᠢᠯᠡᠨ ᠵᠠᠰᠠᠬᠤ ᠨᠡᠶᠢᠳᠡ ᠶᠢᠨ ᠭᠡᠷ᠎ᠡ︾ ᠶᠢᠨ ᠠᠷᠪᠡᠨ ᠭᠤᠷᠪᠠᠳᠤᠭᠠᠷ ᠤᠳᠠᠭ᠎ᠠ ᠶᠢᠨ ᠭᠡᠷ᠎ᠡ ᠪᠠᠶᠢᠭᠤᠯᠤᠬᠰᠡᠨ ᠡᠳᠡᠭᠡᠳ ᠤᠨ ᠬᠤᠷᠠᠯ ᠤᠨ ᠲᠦᠯᠦᠭᠡᠯᠡᠭᠴᠢᠳ ᠤᠨ ᠲᠤᠭᠤᠷᠢᠨ ᠦᠵᠡᠭᠰᠡᠨ ᠭᠠᠵᠠᠷ ᠤᠨ ᠨᠢᠭᠡ ᠪᠤᠯᠤᠬᠰᠡᠨ ᠪᠠᠶᠢᠨ᠎ᠠ᠃     ᠲᠡᠭᠡᠪᠡᠯ ᠡᠳᠡᠭᠡᠷ ᠬᠢᠯᠠᠯᠵᠠᠬᠰᠡᠨ ᠠᠮᠵᠢᠯᠳᠡ ᠪᠦᠳᠦᠮᠵᠢ ᠶᠢᠨ ᠠᠷᠤ ᠳᠤ ᠴᠤᠬᠤᠮ ᠶᠠᠭᠤ ᠨᠢᠭᠤᠬᠳᠠᠵᠤ ᠪᠠᠶᠢᠭ᠎ᠠ ᠪᠤᠯ︖ ᠶᠠᠷᠢᠶᠠᠨ ᠦᠭᠡᠢ᠂ ᠡᠨᠡ ᠨᠢ ᠮᠠᠨ ᠤ ᠤᠯᠤᠰ ᠤᠨ ᠲᠦᠷᠦ ᠶᠢᠨ ᠪᠤᠳᠤᠯᠭ᠎ᠠ ᠪᠡ ᠨᠤᠳᠤᠭ ᠤᠷᠤᠨ ᠤ ᠬᠠᠯᠠᠭᠤᠨ ᠰᠡᠳᠬᠢᠯᠳᠤ ᠬᠦᠮᠤᠰ ᠤᠨ ᠵᠢᠳᠭᠦᠯ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ᠃ ︽ᠨᠠᠮ᠎ᠠ ᠶᠢ ᠪᠠᠭ᠎ᠠ ᠪᠠᠶᠢᠬᠤ ᠳᠤ ᠡ᠊ᠨᠳᠡ ᠦᠷᠭᠦᠯᠵᠢ ᠰᠢᠷ᠎ᠡ ᠡᠯᠡᠰᠤ ᠬᠤᠶᠢᠯᠡᠷᠡᠨ ᠲᠡᠭᠳᠡᠳᠡᠭ ᠪᠠᠶᠢᠬᠰᠡᠨ ᠶᠤᠮ︾ ᠭᠡᠵᠤ ᠦᠭᠡ ᠶᠢᠨ ᠰᠡᠵᠢᠭᠦᠷ ᠡᠯᠭᠦᠭᠰᠡᠨ ᠬᠦᠮᠤᠨ ᠪᠤᠯ ᠤᠡᠭᠭᠤᠨ ᠲᠠᠯ᠎ᠠ ᠶᠢᠨ ᠡᠯᠡᠰᠤᠨ ᠴᠦᠯ ᠤᠨ ᠠᠮᠢ ᠠᠬᠤᠢ ᠶᠢᠨ ᠰᠤᠶᠤᠯ ᠵᠤᠭᠠᠴᠠᠯ ᠤᠨ ᠤᠷᠤᠨ ᠢ ᠡᠭᠦᠳᠤᠨ ᠪᠠᠶᠢᠭᠤᠯᠤᠬᠴᠢ ᠪᠦᠭᠡ ᠪᠢᠯᠨ᠃ ᠲᠠᠪᠢᠨ ᠨᠠᠰᠤ ᠶᠢ ᠲᠠᠪᠠᠵᠤ ᠶᠠᠪᠤᠭ᠎ᠠ ᠪᠦᠭᠡ ᠪᠤᠯ ᠶᠠᠭ ᠡᠨᠡ ᠨᠤᠳᠤᠭ ᠤᠨ ᠡᠯᠡᠰᠤ ᠶᠢ ᠵᠠᠰᠠᠬᠰᠡᠨ ᠨᠡᠷᠡᠳᠠᠢ ᠬᠦᠮᠤᠨ ᠶᠤᠮ᠃     ᠪᠦᠭᠡ ᠶᠢᠨ ᠡᠷᠬᠢᠴᠡᠭᠦᠯᠬᠦ ᠪᠠᠷ᠂ 15 ᠨᠠᠰᠤᠳᠠᠢ ᠳᠠᠭᠠᠨ ᠠᠪᠤ ᠪᠠᠨ ᠲᠠᠭᠠᠵᠤ ᠡᠯᠡᠰᠤᠨ ᠴᠦᠯ ᠤᠨ ᠲᠤᠮᠳᠠᠬᠢ ᠤᠡᠭᠭᠤᠨ ᠤᠪᠤᠭᠠᠨ ᠲᠡᠭᠡᠷ᠎ᠡ ᠭᠠᠷᠤᠭᠠᠳ ᠲᠦᠷᠪᠡᠨ ᠵᠦᠭ ᠢ ᠠᠵᠢᠬᠯᠠᠬᠤ ᠳᠤ᠂ ᠨᠡᠯᠤᠭᠡᠷ ᠡᠯᠡᠰᠤ ᠬᠡᠤᠭᠡᠳ ᠨᠠᠰᠤᠨ ᠳᠠᠭᠠᠨ ᠲᠤᠬᠯᠠᠵᠤ ᠪᠠᠶᠢᠬᠰᠡᠨ ᠨᠤᠭᠤᠭᠠᠨ ᠪᠦᠷᠢᠳᠤ ᠶᠢ ᠨᠢ ᠲᠠᠷᠤᠵᠤ᠂ ᠤᠷᠴᠢᠨ ᠠᠬᠤᠢ ᠡᠳᠤᠷ ᠠᠴᠠ ᠡᠳᠤᠷ ᠮᠠᠭᠤᠳᠠᠵᠤ ᠡᠬᠢᠯᠡᠵᠡᠢ᠃ ᠲᠡᠷᠨ ᠦᠶ᠎ᠡ ᠠᠴᠠ ᠡᠬᠢᠯᠡᠨ ᠪᠦᠭᠡ ᠳᠤ᠂ ᠦᠭᠡᠯᠡᠢ ᠪᠤᠯᠪᠡᠯ ᠨᠤᠳᠤᠭ ᠤᠷᠤᠨ ᠢᠶᠠᠨ ᠤᠶᠢᠵᠢᠭᠤᠯᠵᠤ ᠨᠤᠭᠤᠭᠠᠷᠠᠭᠤᠯᠤᠶ᠎ᠡ ᠭᠡᠰᠡᠨ ᠪᠤᠳᠤᠯ ᠤᠷᠤᠬᠰᠠᠨ ᠭᠡᠳᠡᠭ᠃     2004 ᠤᠨ ᠳᠤ᠂ ᠪᠦᠭᠡ ᠪᠠᠭ᠎ᠠ ᠶᠢᠨ ᠬᠦᠰᠡᠯ ᠢᠶᠠᠨ ᠪᠡᠶᠡᠯᠡᠭᠦᠯᠬᠦ ᠪᠤᠳᠤᠯ ᠢᠶᠠᠷ ᠨᠤᠳᠤᠭ ᠲᠠᠭᠠᠨ ᠬᠠᠷᠢᠵᠤ᠂ ᠤᠡᠭᠭᠤᠨ ᠲᠠᠯ᠎ᠠ ᠶᠢᠨ 10 ᠲᠦᠮᠡᠨ ᠮᠦ ᠡᠯᠡᠰᠤ ᠲᠠᠢ ᠭᠠᠵᠠᠷ ᠢ ᠲᠠᠭᠠᠭᠠᠴᠢᠯᠡᠨ ᠠᠪᠴᠤ᠂ ᠨᠤᠭᠤᠭᠠᠷᠠᠭᠤᠯᠤᠯᠳᠡ ᠶᠢᠨ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠢᠡᠭᠬᠢᠭᠡᠳ ᠤᠳᠤ ᠶᠠᠭ 19 ᠵᠢᠯ ᠤᠨ ᠨᠢᠭᠤᠷ ᠢ ᠦᠵᠡᠵᠡᠢ᠃     ︽ᠮᠠᠩᠬᠠᠨ ᠲᠤᠮᠳᠠ ᠮᠤᠳᠤ ᠵᠠᠶᠢᠯᠠᠬᠤ ᠭᠡᠳᠡᠭ ᠴᠢᠨᠢ ᠬᠦᠴᠢᠷ ᠠᠵᠤ ᠡ᠂ ᠵᠦᠪᠭᠡᠨ ᠮᠤᠳᠤ ᠪᠠᠨ ᠵᠠᠶᠢᠯᠠᠭᠠᠳ ᠯᠨ ᠪᠤᠯᠳᠠᠭ ᠶᠤᠮ ᠪᠢᠰᠢ᠂ ᠪᠠᠰᠨ ᠬᠤᠳᠳᠤᠭ ᠮᠠᠯᠳᠠᠵᠤ ᠪᠠᠶᠢᠭᠠᠳ ᠤᠰᠤᠯᠠᠨ᠎ᠠ᠂ ᠲᠡᠷᠡ ᠮᠦᠷᠳᠡᠭᠡᠨ ᠰᠠᠶᠢᠬᠠᠨ ᠠᠷᠠᠴᠢᠯᠠᠵᠤ ᠲᠤᠳᠤᠮᠳᠠᠬᠤ ᠬᠡᠷᠡᠭᠳᠠᠢ︾ ᠭᠡᠵᠤ ᠪᠦᠭᠡ ᠤᠴᠢᠷᠯᠠᠪᠠ᠃ ᠤᠷᠳᠤ ᠬᠤᠭᠤᠴᠠᠭᠠᠨ ᠤ ᠡᠯᠡᠰᠤ ᠶᠢ ᠵᠠᠰᠠᠬᠤ ᠪᠤᠳᠠᠳᠤ ᠦᠢᠯᠡᠳᠦᠯᠭᠡ ᠶᠢᠨ ᠶᠠᠪᠤᠴᠨ ᠳᠠᠭᠠᠨ ᠪᠦᠭᠡ ᠨᠢᠭᠡ ᠢᠵᠢ ᠪᠦᠷᠢᠨ ᠤᠶᠢᠵᠢᠭᠤᠯᠤᠯᠳᠡ ᠶᠢᠨ ᠠᠷᠭ᠎ᠠ ᠪᠡ ᠲᠤᠷᠰᠢᠯᠭ᠎ᠠ ᠶᠢ ᠬᠤᠷᠠᠮᠳᠤᠭᠤᠯᠵᠠᠢ᠃ ᠲᠡᠷᠡ ᠡᠯᠡᠰᠤ ᠶᠢ ᠵᠠᠰᠠᠬᠤ ᠠᠩᠬᠠᠨ ᠤ ᠶᠠᠪᠤᠴᠨ ᠳᠠᠭᠠᠨ ᠡᠮᠤᠨ᠎ᠠ ᠠᠴᠠ ᠨᠢ ᠬᠦᠷᠢᠶᠡᠯᠡᠵᠤ ᠬᠤᠶᠢᠨ᠎ᠠ ᠠᠴᠠ ᠨᠢ ᠬᠠᠯᠬᠠᠯᠠᠬᠤ᠂ ᠬᠠᠵᠠᠭᠤ ᠬᠠᠪᠢ ᠶᠢ ᠨᠢ ᠪᠢᠳᠡᠭᠦᠮᠵᠢᠯᠡᠬᠦ ᠠᠷᠭ᠎ᠠ ᠶᠢ ᠭᠡᠷᠡᠭᠯᠡᠵᠤ᠂ ᠮᠠᠩᠬ᠎ᠠ ᠶᠢ ᠬᠦᠷᠢᠶᠡᠯᠡᠭᠡᠳ ᠦᠷᠭᠦᠯᠵᠢᠯᠡᠨ ᠦᠷᠭᠡᠳᠬᠦ ᠠᠴᠠ ᠰᠡᠷᠭᠡᠶᠢᠯᠡᠵᠤ᠂ ᠲᠠᠷᠠᠭ᠎ᠠ ᠨᠢ ᠤᠶᠢᠵᠢᠭᠤᠯᠬᠤ ᠳᠤ ᠲᠤᠬᠢᠷᠠᠮᠵᠢᠳᠠᠢ ᠬᠡᠰᠡᠭ ᠲᠤᠨᠢ ᠠᠮᠢ ᠠᠬᠤᠢ ᠶᠢᠨ ᠵᠠᠰᠠᠯᠳᠡ ᠬᠢᠪᠠ᠃ ᠡᠭᠦᠨ ᠤ ᠬᠠᠮᠳᠤ᠂ ᠲᠤᠷᠤᠭ ᠮᠤᠳᠤ᠂ ᠪᠤᠳᠠ ᠮᠤᠳᠤ᠂ ᠡᠪᠡᠰᠤ ᠰᠢᠷᠠᠯᠵᠢ ᠶᠢ ᠤᠶᠠᠯᠳᠤᠭᠤᠯᠬᠤ ᠠᠷᠭ᠎ᠠ ᠶᠢ ᠬᠡᠷᠡᠭᠯᠡᠪᠡᠯ ᠰᠠᠶ᠋ᠢ ᠤᠷᠭᠤᠮᠠᠯ ᠤᠨ ᠪᠦᠷᠭᠦᠪᠴᠢ ᠶᠢ ᠲᠤᠬᠢᠷᠠᠮᠵᠢᠳᠠᠢ ᠰᠡᠷᠭᠦᠭᠡᠵᠤ ᠴᠢᠳᠠᠨ᠎ᠠ ᠭᠡᠵᠤ ᠪᠦᠭᠡ ᠠᠷᠭ᠎ᠠ ᠲᠤᠷᠰᠢᠯᠭ᠎ᠠ ᠪᠠᠨ ᠨᠢᠭᠤᠯ ᠦᠭᠡᠢ ᠲᠠᠨᠢᠯᠴᠠᠭᠤᠯᠪᠠ᠃     ᠡᠨᠡ ᠮᠡᠳᠤ ᠪᠠᠷ ᠪᠦᠭᠡ ᠭᠠᠯ ᠵᠠᠯᠠᠭᠤ ᠨᠠᠰᠤ ᠪᠠᠨ ᠨᠤᠳᠤᠭ ᠤᠷᠤᠨ ᠤ ᠪᠠᠨ ᠤᠶᠢᠵᠢᠭᠤᠯᠤᠯᠳᠡ ᠶᠢᠨ ᠦᠢᠯᠡᠰ ᠲᠤ ᠡᠷᠭᠦᠵᠠᠢ᠃ ︽ᠴᠢᠷᠮᠠᠶᠢᠯᠭ᠎ᠠ ᠬᠦᠮᠤᠨ ᠢ ᠭᠤᠮᠤᠳᠠᠭᠠᠳᠠᠭ ᠦᠭᠡᠢ︾ ᠭᠡᠭᠴᠢ ᠪᠠᠷ᠂ ᠬᠤᠷᠢ ᠰᠢᠬᠠᠮ ᠵᠢᠯ ᠤᠨ ᠵᠠᠰᠠᠯᠳᠡ ᠶᠢ ᠦᠡᠭᠭᠡᠷᠡᠭᠡᠭᠡᠳ ᠤᠳᠤ ᠪᠤᠯᠬᠤ ᠳᠤ ᠤᠡᠭᠭᠤᠨ ᠲᠠᠯ᠎ᠠ ᠨᠢ ︽ᠨᠤᠭᠤᠭᠠᠨ︾ ᠦᠩᠬᠡ ᠪᠠᠷ ᠪᠤᠳᠤᠬᠳᠠᠨ᠂ ᠭᠡᠭᠡᠷ᠎ᠡ ᠶᠢᠨ ᠠᠮᠢᠳᠡᠨ ᠴᠤ ᠡᠳᠤᠷ ᠠᠴᠠ ᠡᠳᠤᠷ ᠤᠯᠠᠰᠢᠷᠠᠵᠠᠢ᠃ ᠲᠡᠷᠨ ᠮᠦᠷᠳᠡᠭᠡᠨ ᠪᠦᠬᠦ ᠤᠯᠤᠰ ᠤᠨ ᠡᠯ᠎ᠡ ᠭᠠᠵᠠᠷ ᠠᠴᠠ ᠢᠷᠡᠳᠡᠭ ᠵᠤᠭᠠᠴᠠᠬᠰᠡᠳ ᠴᠤ ᠤᠯᠠᠰᠢᠷᠠᠵᠤ᠂ ᠠᠮᠢ ᠠᠬᠤᠢ ᠶᠢᠨ ᠰᠡᠷᠭᠦᠯᠳᠡ ᠨᠢ ᠠᠵᠤ ᠠᠬᠤᠢ ᠶᠢᠨ ᠦᠷ᠎ᠡ ᠠᠰᠢᠭ ᠢ ᠠᠪᠴᠢᠷᠡᠵᠤ ᠦᠭᠭᠦᠭᠰᠡᠨ ᠪᠠᠶᠢᠨ᠎ᠠ᠃    ᠪᠦᠭᠡ᠄ ︽ᠲᠠᠷᠠᠭ᠎ᠠ ᠠᠯᠬᠤᠮ ᠳᠤ ᠪᠢᠳᠠ ᠰᠢᠨ᠎ᠡ ᠡᠭᠦᠳᠦᠯᠳᠡ ᠶᠢ ᠴᠢᠬᠤᠯᠠᠴᠢᠯᠡᠨ ᠤᠢ ᠶᠢᠨ ᠲᠤᠤᠷᠠᠬᠢ ᠠᠵᠤ ᠠᠬᠤᠢ ᠶᠢ ᠬᠠᠶᠢᠨ ᠰᠦᠪᠡᠭᠴᠢᠯᠡᠨ᠎ᠠ᠃ ᠢᠡᠭᠬᠢᠪᠡᠯ ᠰᠠᠶ᠋ᠢ ᠠᠮᠢ ᠠᠬᠤᠢ ᠶᠢᠨ ᠨᠤᠭᠤᠭᠠᠷᠠᠭᠤᠯᠤᠯᠳᠡ ᠶᠢᠨ ᠦᠢᠯᠡᠰ ᠤᠨ ᠪᠦᠬᠦ ᠲᠠᠯ᠎ᠠ ᠶᠢᠨ ᠦᠷ᠎ᠡ ᠠᠰᠢᠭ ᠢ ᠤᠯᠵᠤ ᠲᠠᠶᠢᠯᠤᠨ᠎ᠡ︾ ᠭᠡᠵᠤ ᠪᠠᠶᠢᠯ᠎ᠠ᠃  
ᠢᠷᠡᠯᠲᠡ᠄ ᠤᠷᠳᠤᠰ ᠤᠨ ᠡᠳᠤᠷ ᠤᠨ ᠰᠤᠨᠢᠨ