ᠳᠠᠯᠠᠳ ᠬᠤᠰᠢᠭᠤ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠢᠶᠠᠷ ᠰᠤᠩᠭᠤᠭᠳᠠᠵᠠᠢ
ᠨᠡᠶᠢᠲᠡᠯᠡᠭᠰᠡᠨ ᠴᠠᠭ᠄
2023/11/7
      ᠤᠶᠢᠷ᠎ᠠ ᠶᠢᠨ ᠡᠳᠦᠷ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠰᠧᠴᠤᠸᠠᠨ ᠮᠤᠵᠢ ᠶᠢᠨ ᠴᠧᠩᠳᠦ᠋ ᠬᠤᠳᠠ ᠳᠤ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠳᠤ ᠫᠠᠶᠢᠰᠠ ᠣᠯᠭᠤᠪᠠ᠂ ᠲᠠᠯᠠᠳ ᠬᠤᠰᠢᠭᠤ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠢᠶᠠᠷ ᠰᠤᠩᠭᠤᠬᠳᠠᠵᠡᠢ᠃ ᠡᠨᠡ ᠨᠢ ᠲᠠᠯᠠᠳ ᠬᠤᠰᠢᠭᠤᠨ ᠤ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠢ ᠠᠮᠵᠢᠯᠲᠠ ᠲᠠᠢ ᠡᠭᠦᠳᠤᠨ ᠪᠠᠶᠢᠭᠤᠯᠤᠭᠰᠠᠨ ᠢ ᠬᠠᠷᠠᠭᠤᠯᠵᠤ᠂  ᠪᠠᠰᠠ ᠨᠢᠭᠡᠨ ᠪᠤᠬᠢᠷᠳᠤᠯ ᠦᠭᠡᠢ ᠨᠡᠷ᠎ᠠ ᠶᠢᠨ ᠬᠠᠭᠤᠳᠠᠰᠤ ᠲᠠᠢ ᠪᠤᠯᠤᠭᠰᠠᠨ ᠪᠠᠶᠢᠨ᠎ᠠ᠃      ᠤᠢᠢᠷ᠎ᠠ ᠶᠢᠨ ᠵᠢᠯ ᠤᠳ ᠠᠴᠠ᠂ ᠲᠠᠯᠠᠳ ᠬᠤᠰᠢᠭᠤ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠂ ᠲᠦᠷᠦᠯ ᠲᠡᠮᠳᠡᠭᠳᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ︾ ᠪᠠᠷ ᠬᠠᠷᠠᠯᠲᠠ ᠪᠣᠯᠭᠠᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠡ ᠦᠭᠡᠢ ᠪᠠᠬᠢᠵᠢᠭᠦᠯᠵᠡᠢ᠃ ︽ᠨᠦᠩ ᠠᠨ ᠥᠪᠥᠷ ᠮᠣᠩᠭᠤᠯ︾ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠡᠬᠢᠯᠡᠨ ᠬᠡᠷᠡᠭᠯᠡᠵᠦ᠂ ᠬᠤᠰᠢᠭᠤ ᠪᠠᠯᠭᠠᠰᠤ ᠲᠣᠰᠬᠤᠨ ᠪᠠ ᠡᠵᠡᠩᠨᠡᠯᠲᠡ ᠶᠢᠨ ᠭᠤᠣᠯ ᠴᠣᠭᠴᠠ ᠶᠢᠨ ︽ᠭᠤᠷᠪᠠᠨ ᠱᠠᠲᠤ ᠳᠥᠷᠪᠡᠨ ᠲᠠᠪᠬᠤᠷᠭ᠎ᠠ ᠬᠤᠯᠪᠣᠭᠠᠯᠠᠨ ᠬᠥᠳᠡᠯᠦᠯᠴᠡᠬᠦ︾ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠣᠷ ᠢ ᠪᠠᠶᠢᠭᠤᠯᠵᠤ᠂ ᠬᠤᠰᠢᠭᠤᠨ ᠤ ᠳᠡᠰ ᠤᠨ ᠲᠠᠷᠢᠶᠠᠯᠠᠩ ᠮᠠᠯ ᠠᠵᠤ ᠠᠬᠤᠶ ᠶᠢᠨ ᠥᠨᠳᠥᠷ ᠪᠠᠷᠢᠮᠵᠢᠶᠠᠲᠤ ᠦᠢᠯᠡᠳᠪᠦᠷᠢᠯᠡᠯ ᠡᠵᠡᠩᠨᠡᠯᠲᠡ ᠶᠢᠨ ᠲᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ ᠢ ᠨᠡᠶᠢᠲᠡᠯᠡᠨ᠂ ᠡᠵᠡᠩᠨᠡᠯᠲᠡ ᠶᠢᠨ ᠭᠤᠣᠯ ᠴᠣᠭᠴᠠ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠬᠦ ᠶᠢ ᠳᠡᠮᠵᠢᠵᠦ ᠬᠥᠲᠥᠯᠥᠨ ᠵᠢᠯᠣᠭᠤᠳᠴᠤ᠂ ᠭᠠᠵᠠᠷ ᠰᠢᠷᠣᠶ ᠶᠢᠨ ᠬᠡᠪᠴᠢᠶᠡᠵᠢᠭᠰᠡᠨ ᠡᠵᠡᠩᠨᠡᠯᠲᠡ ᠶᠢ ᠥᠷᠨᠢᠭᠦᠯᠵᠦ᠂ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠪᠠ᠃ ᠪᠥᠬᠦ ᠬᠤᠰᠢᠭᠤ ᠪᠠᠷ ᠢᠶᠠᠨ ᠲᠠᠷᠢᠮᠠᠯ ᠤᠨ ᠪᠠᠷᠢᠮᠵᠢᠶᠠᠵᠢᠭᠰᠠᠨ ᠲᠠᠷᠢᠵᠦ ᠤᠷᠭᠤᠭᠤᠯᠬᠤ ᠰᠠᠭᠤᠷᠢᠨ ᠭᠠᠵᠠᠷ ᠢ 142.5 ᠲᠦᠮᠡᠨ ᠮᠥ ᠪᠠᠶᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ︽ᠬᠤᠶᠠᠷ ᠪᠦᠲᠦᠭᠡᠭᠳᠡᠬᠦᠨ ᠨᠢᠭᠡ ᠲᠡᠮᠳᠡᠭᠳᠤ ᠨᠢᠭᠡ ᠰᠢᠨ᠎ᠡ︾ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠭᠡᠷᠡᠴᠢᠯᠡᠭᠡ ᠶᠢ ᠨᠡᠮᠡᠭᠳᠡᠭᠦᠯᠵᠦ᠂ ᠪᠦᠬᠦ ᠬᠤᠰᠢᠭᠤᠨ ᠤ 3 ᠲᠣᠰᠬᠤᠨ ᠪᠠᠯᠭᠠᠰᠤ ᠨᠢ ᠤᠯᠤᠰ ᠤᠨ ︽ᠨᠢᠭᠡ ᠲᠣᠰᠬᠤᠨ ᠨᠢᠭᠡ ᠲᠡᠮᠳᠡᠭᠳᠤ︾ ᠶᠢᠨ ᠲᠠᠭᠤᠷᠢᠶᠠᠯ ᠦᠵᠡᠭᠦᠯᠬᠦ ᠲᠤᠰᠬᠤᠨ ᠪᠠᠯᠭᠠᠰᠤ ᠪᠠᠷ ᠰᠤᠩᠭᠤᠭᠳᠠᠵᠦ᠂ 46 ᠪᠦᠳᠦᠭᠡᠭᠳᠡᠭᠦᠨ ᠨᠢ ︽ᠬᠤᠶᠠᠷ ᠪᠦᠲᠦᠭᠡᠭᠳᠡᠬᠦᠨ ᠨᠢᠭᠡ ᠲᠡᠮᠳᠡᠭᠳᠤ ᠨᠢᠭᠡ ᠰᠢᠨ᠎ᠡ︾ ᠪᠦᠲᠦᠭᠡᠭᠳᠡᠬᠦᠨ ᠤ ᠭᠡᠷᠡᠴᠢᠯᠡᠯ ᠢ ᠦᠩᠭᠡᠷᠡᠭᠡᠵᠦ᠂ ︽ᠬᠠᠲᠤᠨ ᠭᠤᠤᠯ ᠤᠨ ᠲᠤᠬᠤᠢ︾ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠳᠤ ᠪᠠᠷ ᠲᠠᠩᠰᠠᠯᠠᠭᠳᠠᠪᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ᠂ ᠲᠡᠵᠢᠭᠡᠨ ᠦᠷᠡᠵᠢᠭᠦᠯᠬᠦ ᠲᠠᠯᠠᠪᠠᠶ᠂ ᠳᠠᠭᠠᠳᠬᠠᠯ ᠤᠨ ᠺᠣᠮᠫᠠᠨᠢ ᠵᠢᠴᠢ ᠬᠦᠨᠤᠭᠡᠯ ᠥᠬᠡᠶ ᠪᠣᠯᠭᠠᠨ ᠰᠢᠢᠳᠪᠦᠷᠢᠯᠡᠬᠦ ᠠᠵᠤ ᠠᠬᠤᠶᠢᠯᠠᠯ ᠢᠶᠠᠷ ᠪᠦᠷᠢᠯᠳᠦᠭᠰᠡᠨ ︽ᠳᠥᠷᠪᠡᠨ ᠲᠠᠯ᠎ᠠ ᠪᠠᠷ ᠢᠶᠠᠨ ᠬᠠᠮᠲᠤᠷᠠᠨ ᠬᠥᠳᠡᠯᠦᠯᠴᠡᠬᠦ︾ ᠲᠠᠪᠴᠠᠩ ᠢ ᠪᠠᠶᠢᠭᠤᠯᠵᠤ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠭᠤᠶᠤᠴᠢᠯᠠᠨ ᠮᠡᠳᠡᠭᠦᠯᠬᠦ᠂ ᠬᠦᠨᠤᠭᠡᠯ ᠥᠬᠡᠶ ᠪᠣᠯᠭᠠᠨ ᠰᠢᠢᠳᠪᠦᠷᠢᠯᠡᠬᠦ᠂ ᠳᠠᠭᠠᠳᠬᠠᠯ ᠤᠨ ᠲᠥᠯᠥᠪᠦᠷᠢ ᠥᠭᠬᠦ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠲᠤᠬᠢᠲᠠᠢ ᠵᠣᠯᠭᠠᠭᠤᠯᠬᠤ ᠶᠢ ᠪᠡᠶᠡᠯᠡᠭᠦᠯᠪᠠ᠃   
ᠢᠷᠡᠯᠲᠡ᠄ ᠤᠷᠳᠤᠰ ᠤᠨ ᠡᠳᠤᠷ ᠤᠨ ᠰᠤᠨᠢᠨ