ᠮᠠᠨ ᠤ ᠤᠷᠤᠨ ᠤ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠤᠯ᠎ᠠ
ᠨᠡᠶᠢᠲᠡᠯᠡᠭᠰᠡᠨ ᠴᠠᠭ᠄
2023/11/7
               ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠡᠮᠵᠢᠯᠳᠡ ᠪᠠᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠰᠢᠷ᠎ᠠ ᠪᠤᠷᠴᠠᠭ ᠤᠨ ᠲᠦᠪᠯᠡᠷᠡᠬᠦᠯᠦᠨ ᠵᠠᠯᠭᠠᠯᠳᠤᠭᠤᠯᠵᠦ ᠳᠠᠷᠢᠭᠰᠠᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ ᠨᠢ 633.6 ᠵᠢᠩ ᠳᠤ ᠬᠦᠷᠴᠦ᠂ ᠮᠠᠨ ᠤ ᠤᠷᠤᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠳᠠᠬᠢᠨᠲᠠ ᠰᠢᠨᠡᠳᠬᠡᠵᠡᠢ᠃      ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠤᠨᠠᠯᠲᠠ ᠶᠢ ᠬᠡᠮᠵᠢᠭᠰᠡᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠠᠯᠠᠪᠠᠶ ᠨᠢ 150 ᠮᠦ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠤᠰᠬᠠᠢ ᠮᠡᠷᠭᠡᠵᠢᠯᠲᠡᠨ ᠤ ᠪᠦᠯᠬᠦᠮ ᠠᠴᠠ ᠪᠥᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠵᠠᠢ᠃ ᠲᠡᠳᠡ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ᠂ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ 6 ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠤ ᠤᠨᠠᠯᠲᠠ ᠶᠢ ᠰᠢᠯᠭᠠᠨ ᠦᠨᠡᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ ᠨᠢ 633.6 ᠵᠢᠩ ᠳᠤ ᠬᠦᠷᠴᠦ᠂ ᠮᠠᠨ ᠤ ᠤᠷᠤᠨ ᠤ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠲᠠᠯᠠᠪᠠᠢ ᠨᠢᠭᠡᠴᠢ ᠶᠢᠨ ᠤᠨᠠᠯᠲᠠ ᠪᠤᠯᠬᠤ 621 ᠵᠢᠩ ᠠᠴᠠ 12.6 ᠵᠢᠩ ᠨᠡᠮᠡᠭᠳᠡᠵᠡᠢ᠃      ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠦᠵᠡᠬᠦ ᠪᠠᠷ᠂ ᠵᠢᠱᠢᠶ᠎ᠡ ᠦᠵᠡᠭᠦᠯᠬᠦ ᠲᠠᠷᠢᠶᠠᠨ ᠳᠤ ᠳᠠᠯᠠᠩ ᠢ ᠶᠡᠬᠡᠳᠬᠡᠵᠦ᠂ ᠨᠢᠭᠲᠠᠴᠠ ᠶᠢ ᠳᠡᠭᠡᠭᠰᠢᠯᠡᠬᠦᠯᠦᠨ᠂ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠭᠰᠡᠨ ᠠᠴᠠ ᠴᠢᠬᠢ ᠶᠢ ᠪᠦᠷᠢᠨ᠂ ᠵᠢᠭᠳᠡ ᠪᠠᠶᠢᠯᠭᠠᠬᠤ ᠶᠢ ᠪᠠᠲᠤᠯᠠᠬᠰᠠᠨ ᠢᠶᠠᠷ ᠪᠠᠷᠠᠬᠤ ᠦᠭᠡᠢ ᠡ᠊ᠩ ᠤᠨ ᠤᠰᠤᠯᠠᠯᠲᠠ ᠠᠴᠠ ᠢᠯᠡᠭᠦᠦ ᠤᠰᠤ ᠪᠣᠷᠳᠣᠭᠤᠷ ᠠᠷᠪᠢᠯᠠᠵᠤ᠂ ᠲᠠᠷᠢᠮᠠᠯ ᠤᠨ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠤ᠂ ᠭᠠᠷᠤᠯᠲᠠ ᠶᠢ ᠳᠡᠬᠡᠭᠰᠢᠯᠡᠬᠦᠯᠵᠤ ᠦᠷ᠎ᠡ ᠠᠰᠢᠭ ᠢ ᠨᠡᠮᠡᠭᠳᠡᠭᠦᠯᠵᠡᠢ᠃      ᠮᠠᠨ ᠤ ᠣᠷᠣᠨ ᠪᠣᠯ ᠤᠯᠤᠰ ᠤᠨ ᠰᠢᠷ᠎ᠠ ᠪᠤᠷᠴᠠᠭ ᠳᠠᠷᠢᠬᠤ ᠴᠢᠬᠤᠯᠠ ᠰᠠᠭᠤᠷᠢᠨ ᠪᠠᠶᠢᠵᠦ᠂ ᠰᠢᠷ᠎ᠠ ᠪᠤᠷᠴᠠᠭ ᠳᠠᠷᠢᠭᠰᠠᠨ ᠲᠠᠯᠠᠪᠠᠶ ᠪᠦᠬᠦ ᠤᠯᠤᠰ ᠲᠤ ᠬᠤᠶᠠᠳᠤᠭᠠᠷ ᠲᠤ ᠣᠷᠣᠨ᠎ᠠ᠃ ᠰᠢᠷ᠎ᠠ ᠪᠤᠷᠴᠠᠭ ᠪᠣᠯ ᠮᠠᠨ ᠤ ᠤᠷᠤᠨ ᠤ ᠬᠤᠶᠠᠳᠤᠭᠠᠷ ᠲᠣᠮᠣ ᠠᠮᠤ ᠪᠤᠳᠠᠭᠠᠨ ᠤ ᠲᠠᠷᠢᠮᠠᠯ ᠶᠤᠮ᠃ ᠡᠨᠡ ᠵᠢᠯ᠂ ᠮᠠᠨ ᠤ ᠤᠷᠤᠨ ᠰᠢᠷ᠎ᠠ ᠪᠤᠷᠴᠠᠭ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠨᠢᠭᠡᠴᠢ ᠶᠢᠨ ᠤᠨᠠᠯᠲᠠ ᠶᠢ ᠨᠡᠮᠡᠭᠳᠡᠬᠦᠯᠬᠦ᠂ ᠭᠠᠷᠤᠯᠲᠠ ᠶᠢ ᠨᠡᠮᠡᠭᠳᠡᠭᠦᠯᠬᠦ᠂ ᠰᠠᠶᠢᠨ ᠲᠠᠷᠢᠶᠠᠨ ᠭᠠᠵᠠᠷ ᠢ ᠬᠡᠷᠡᠭᠯᠡᠬᠦ᠂ ᠰᠠᠶᠢᠨ ᠡᠭᠦᠯᠳᠡᠷ ᠢ ᠰᠣᠩᠭᠤᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠮᠠᠰᠢᠨ ᠲᠣᠬᠢᠷᠠᠭᠤᠯᠬᠤ᠂ ᠰᠠᠶᠢᠨ ᠳᠦᠷᠢᠮ ᠢ ᠡᠭᠦᠳᠬᠦ ᠶᠢ ᠭᠤᠣᠯᠳᠠᠯᠭ᠎ᠠ ᠲᠠᠢ ᠰᠦᠪᠡᠭᠴᠢᠯᠡᠵᠦ᠂ ᠣᠷᠣᠨ ᠪᠦᠰᠡ ᠬᠤᠪᠢᠶᠠᠨ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠭᠠᠷᠤᠯᠲᠠ ᠶᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠪᠥᠬᠦ ᠶᠠᠪᠤᠴᠠ ᠳᠤ ᠮᠥᠷᠳᠡᠨ ᠵᠢᠯᠤᠭᠤᠳᠴᠤ ᠦᠢᠯᠡᠴᠢᠯᠡᠨ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠮᠠᠨ ᠤ ᠤᠷᠤᠨ ᠰᠢᠷ᠎ᠠ ᠪᠤᠷᠴᠠᠭ ᠤᠨ ᠦᠨᠳᠦᠷ ᠳᠠᠯᠠᠩ ᠳᠤ ᠨᠢᠭᠲᠠ ᠳᠠᠷᠢᠵᠤ ᠬᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠦᠨᠳᠦᠷ ᠳᠠᠯᠠᠩ ᠳᠤ ᠨᠢᠭᠲᠠ ᠳᠠᠷᠢᠬᠤ ᠪᠠ ᠭᠦᠢᠬᠡᠨ ᠪᠤᠯᠠᠵᠤ ᠳᠤᠰᠤᠯᠭᠠᠨ ᠤᠰᠤᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠵᠡᠭᠦᠨ ᠬᠤᠶᠢᠲᠤ ᠣᠷᠣᠨ ᠤ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ᠂ ᠴᠢᠬᠢᠯᠡᠬᠦ ᠳᠤ ᠬᠦᠴᠢᠷ ᠵᠡᠷᠭᠡ ᠠᠰᠠᠭᠤᠳᠠᠯ ᠢ ᠰᠶᠢᠳᠪᠦᠷᠢᠯᠡᠭᠰᠡᠨ ᠢᠶᠠᠷ ᠪᠠᠷᠠᠬᠤ ᠦᠭᠡᠢ ᠣᠳᠣᠬᠠᠨ ᠤ ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠳᠣᠣᠷ᠎ᠠ ᠮᠥᠷᠲᠡᠭᠡᠨ ᠲᠣᠭᠲᠠᠭᠤᠨ ᠪᠤᠰᠤ᠂ ᠬᠠᠷᠢᠴᠠᠭᠤᠯᠤᠭᠰᠠᠨ ᠦᠷ᠎ᠡ ᠠᠰᠢᠭ ᠢᠶᠠᠷ ᠠᠨᠠᠢ ᠪᠠᠶᠢᠬᠤ ᠠᠰᠠᠭᠤᠳᠠᠯ ᠢ ᠴᠤ ᠰᠶᠢᠳᠪᠦᠷᠢᠯᠡᠵᠦ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠲᠠᠰᠤᠷᠠᠯᠲᠠ ᠦᠭᠡᠢ ᠰᠢᠨᠡᠳᠬᠡᠪᠡ᠃
ᠢᠷᠡᠯᠲᠡ᠄ ︽ᠰᠢᠨᠬᠤᠸᠠ ᠰᠦᠯᠵᠢᠶ᠎ᠡ︾