ᠲᠦᠷᠦᠭᠦᠦ 9 ᠰᠠᠷ᠎ᠠ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠲᠦᠮᠡ ᠭᠠᠷᠤᠢ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/11/7
     ᠰᠤᠷᠪᠤᠯᠵᠢᠯᠠᠭᠴᠢ ᠣᠶᠢᠷ᠎ᠠ ᠳᠤ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠄ ᠡᠨᠡ ᠵᠢᠯ ᠤᠨ 1 ᠰᠠᠷ᠎ᠠ ᠠᠴᠠ 9 ᠰᠠᠷ᠎ᠠ ᠪᠣᠯᠲᠠᠯ᠎ᠠ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ 10750 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ 8601 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠴᠥᠮ ᠲᠡᠦᠬᠡ ᠶᠢᠨ  ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠲᠡᠮᠳᠡᠭᠯᠡᠯ ᠢ‌ᠡᠭᠦᠳᠪᠡ᠃ ᠪᠥᠬᠦ ᠤᠯᠤᠰ ᠲᠤ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠲᠦᠷᠦᠯ ᠵᠦᠢᠯ ᠢ 2.49 ᠲᠦᠮᠡ ᠰᠢᠨ᠎ᠡ ᠪᠠᠷ ᠠᠵᠢᠯ ᠡᠬᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠪᠡ︔ ᠶᠡᠷᠦᠩᠬᠡᠶ ᠪᠠᠯᠠ ᠣᠷᠣᠭᠤᠯᠤᠯᠲᠠ ᠶᠢᠨ ᠬᠡᠪᠴᠢᠶ᠎ᠡ 1.15 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 8.9 % ᠪᠠᠷ ᠨᠡᠮᠡᠭᠳᠡᠪᠡ᠃     ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠲᠤᠭ᠎ᠠ ᠬᠡᠮᠵᠢᠶ᠎ᠡ ᠨᠡᠯᠢᠶᠡᠳ ᠶᠡᠭᠡ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ 35 ᠴᠢᠬᠤᠯᠠ  ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠡᠾᠧᠪᠧᠢ ᠶᠢᠨ ᠰᠢᠶᠦ᠋ᠩ ᠠᠨ ᠭᠤᠣᠯ ᠰᠤᠪᠠᠭ ᠤᠨ ᠤᠰᠤ ᠬᠠᠩᠭᠠᠬᠤ᠂ ᠤᠮᠠᠷᠠᠳᠤ ᠪᠤᠯᠤᠩ ᠢ ᠲᠣᠭᠤᠷᠢᠭᠰᠠᠨ ᠭᠤᠸᠠᠩᠰᠢ ᠶᠢᠨ ᠤᠰᠤᠨ ᠤ ᠡᠬᠢ ᠪᠠᠶᠠᠯᠢᠭ ᠢ ᠲᠤᠬᠢᠷᠠᠭᠤᠯᠬᠤ᠂ ᠬᠢᠷᠢᠨ ᠤ ᠤᠰᠤᠨ ᠲᠣᠣᠷ ᠤᠨ ᠭᠤᠣᠯᠯᠠᠭᠴᠢ ᠢᠨᠵᠧᠨᠧᠷᠢᠩ᠂ ᠪᠡᠭᠡᠵᠢᠩ ᠬᠤᠳᠠ ᠶᠢᠨ ᠸᠧᠨ ᠴᠤᠤ ᠵᠢᠶᠠᠨ ᠭᠤᠣᠯ ᠤᠨ ᠵᠠᠰᠠᠯᠲᠠ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠤᠯᠤᠰ᠂ ᠣᠷᠣᠨ ᠪᠦᠰᠡ ᠪᠠ ᠮᠤᠵᠢ ᠶᠢᠨ ᠱᠠᠲᠤᠨ ᠤ ᠤᠰᠤᠨ ᠲᠣᠣᠷ ᠤᠨ ᠢᠨᠵᠧᠨᠧᠷᠢᠩ ᠤᠨ ᠰᠢᠰᠲ᠋ᠧᠮ ᠢ ᠲᠦᠷᠭᠡᠯᠡᠨ ᠪᠠᠶᠢᠭᠤᠯᠪᠠ᠃     ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠣᠯᠭᠤᠯᠲᠠ ᠶᠢ ᠰᠢᠩᠭᠡᠭᠡᠬᠦ ᠦᠢᠯᠡᠳᠦᠯ ᠨᠠᠩ ᠲᠣᠪᠤᠶᠢᠮ᠎ᠠ ᠪᠣᠯᠪᠠ᠃ 1 ᠠᠴᠠ 9 ᠰᠠᠷ᠎ᠠ ᠪᠣᠯᠲᠠᠯ᠎ᠠ᠂  ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷ 221.2 ᠲᠦᠮᠡᠨ ᠬᠥᠮᠦᠨ ᠳᠤ ᠠᠵᠢᠯ ᠣᠯᠭᠤᠵᠤ᠂ ᠠᠳᠠᠯᠢ ᠬᠤᠭᠤᠴᠠᠭᠠᠨ ᠤ ᠬᠢ ᠠᠴᠠ ᠪᠠᠨ 5.7% ᠪᠠᠷ  ᠨᠡᠮᠡᠭᠳᠡᠪᠡ︔411.3 ᠳ᠋ᠦᠩᠰᠢᠭᠤᠷ ᠲᠥᠭᠦᠷᠢᠭ ᠤᠨ ᠴᠠᠯᠢᠩ ᠲᠠᠷᠬᠠᠭᠠᠵᠤ᠂ ᠠᠳᠠᠯᠢ  ᠬᠤᠭᠤᠴᠠᠭᠠᠨ ᠤ ᠬᠢ ᠠᠴᠠ 37.1% ᠪᠠᠷ‌ᠨᠡᠮᠡᠭᠳᠡᠪᠡ᠃     ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ  ᠬᠤᠷᠳᠤᠴᠠ ᠶᠢ ᠪᠦᠬᠦ ᠲᠠᠯ᠎ᠠ ᠪᠠᠷ ᠲᠦᠷᠭᠡᠳᠬᠡᠪᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠬᠦᠭᠡ ᠮᠥᠷᠡᠨ ᠢ ᠲᠠᠲᠠᠵᠤ  ᠬᠠᠨᠵᠢᠶᠠᠩ‌ᠮᠦ᠋ᠷᠡᠨ ᠢ ᠨᠥᠬᠦᠪᠥᠷᠢᠯᠡᠬᠦ᠂ ᠬᠤᠸᠠᠢ ᠾᠧ ᠭᠤᠣᠯ ᠤᠨ ᠳᠠᠯᠠᠢ ᠳᠤ ᠴᠢᠳᠬᠤᠬᠤ ᠤᠰᠤᠨ ᠵᠠᠮ ᠤᠨ ᠬᠤᠶᠠᠳᠤᠭᠠᠷ ᠬᠤᠭᠤᠴᠠᠭ᠎ᠠ ᠵᠡᠷᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠳ᠋ᠠ ᠲᠧᠩ ᠰᠢᠶᠠ ᠬᠠᠪᠴᠢᠯ ᠤᠨ ᠤᠰᠤᠨ  ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠭᠤᠣᠯ ᠴᠣᠭᠴᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ᠱᠠᠨᠰᠢ ᠶᠢᠨ ᠬᠠᠨ ᠾᠧ  ᠭᠤᠣᠯ ᠤᠨ ᠤᠰᠤ ᠶᠢ ᠲᠠᠲᠠᠵᠤ ᠸᠧᠢ ᠾᠧ ᠭᠤᠣᠯ ᠳᠤ ᠨᠦᠭᠦᠭᠦ᠂ ᠭᠠᠨᠰᠦ ᠶᠢᠨ ᠲᠤᠤ ᠾᠧ ᠭᠤᠣᠯ ᠤᠨ  ᠤᠰᠤ ᠶᠢ ᠲᠠᠲᠠᠵᠤ ᠬᠠᠩᠭᠠᠬᠤ ᠬᠤᠶᠠᠳᠤᠭᠠᠷ ᠬᠤᠭᠤᠴᠠᠭ᠎ᠠ᠂ ᠹᠦᠵᠢᠶᠠᠨ ᠤ ᠫᠢᠡᠭᠲ᠋ᠠᠨ ᠵᠢᠴᠢ ᠮᠢᠨᠵᠢᠶᠠᠩ ᠮᠥᠷᠡᠨ ᠤ ᠠᠮᠠᠰᠠᠷ ᠤᠨ ᠤᠰᠤᠨ ᠤ ᠡᠬᠢ ᠪᠠᠶᠠᠯᠢᠭ ᠢ ᠲᠤᠬᠢᠷᠠᠭᠤᠯᠬᠤ ᠢᠨᠵᠧᠨᠧᠷᠢᠩ ᠤᠨ ᠤᠰᠤ ᠨᠡᠪᠲᠡᠷᠡᠬᠦ ᠶᠢ ᠪᠡᠶᠡᠯᠡᠭᠦᠯᠪᠡ᠃  
ᠢᠷᠡᠯᠲᠡ᠄ ᠠᠷᠠᠳ ᠤᠨ ᠰᠥᠯᠵᠢᠶ᠎ᠠ